ᠼᠦᠢ ᠵᠢᠩ ᠶᠢᠩ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠨᠢᠭᠤᠴᠠ ᠪᠠᠷ ᠰᠤᠷᠪᠤᠯᠵᠢᠯᠠᠨ ᠪᠠᠶᠢᠴᠠᠭᠠᠪᠠ
ᠨᠡᠶᠢᠲᠡᠯᠡᠭᠰᠡᠨ ᠴᠠᠭ᠄
2024/3/27
     3 ᠰᠠᠷ᠎ᠠ ᠶᠢᠨ 26 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠪᠦᠯᠬᠦᠮ ᠳᠠᠭᠠᠭᠤᠯᠤᠨ ᠬᠠᠶᠢᠷᠤᠪ ᠤᠨ ᠲᠣᠬᠤᠢ ᠲᠣᠭᠤᠷᠢᠭ ᠤᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠤᠨ ᠠᠶᠤᠯᠭᠦᠢ ᠦᠢᠯᠡᠳᠪᠦᠷᠢᠯᠡᠯ ᠪᠣᠯᠣᠨ ᠭᠠᠯ ᠤᠨᠲᠠᠷᠠᠭᠠᠬᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠵᠢᠯ ᠤᠨ ᠲᠤᠬᠠᠢ ᠲᠣᠬᠢᠶᠠᠯᠳᠤᠯ ᠢᠶᠠᠷ ᠨᠢᠭᠤᠴᠠ ᠪᠠᠷ ᠰᠤᠷᠪᠤᠯᠵᠢᠯᠠᠨ ᠪᠠᠶᠢᠴᠠᠭᠠᠪᠠ᠃

     ᠼᠦᠢ ᠵᠢᠩ ᠶᠢᠩ ᠰᠡᠨᠵᠢᠨ ᠤ ᠪᠢᠨ ᠾᠧ ᠠᠭᠤᠳᠠᠮ ᠲᠠᠯᠠᠪᠠᠢ ᠶᠢᠨ ᠣᠷᠣᠨ ᠰᠠᠭᠤᠴᠠ ᠶᠢᠨ ᠠᠰᠠᠷ ᠤᠨ

ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠪᠠᠷᠢᠯᠭ᠎ᠠ ᠶᠢᠨ ᠠᠵᠢᠯ ᠤᠨ ᠠᠮᠤᠷ

ᠲᠦᠪᠰᠢᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ

ᠬᠡᠯᠡᠭᠰᠡᠨ ᠨᠢ᠂ ᠪᠠᠷᠢᠯᠭ᠎ᠠ ᠶᠢᠨ ᠨᠢᠭᠡᠴᠡ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂

ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭ᠎ᠠ ᠠᠳᠬᠤᠵᠤ᠂ ᠠᠮᠤᠷ ᠲᠦᠪᠰᠢᠨ ᠢᠶᠠᠷ

ᠠᠵᠢᠯᠯᠠᠬᠤ ᠳᠦᠷᠢᠮ ᠪᠣᠯᠣᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠠᠵᠢᠯᠯᠠᠵᠤ᠂ ᠠᠮᠤᠷ ᠲᠦᠪᠰᠢᠨ ᠢᠶᠠᠷ ᠠᠵᠢᠯᠯᠠᠬᠤ

ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ

ᠪᠠᠶᠢᠴᠠᠭᠠᠬᠤ ᠪᠠᠨ ᠴᠢᠩᠭᠠᠳᠬᠠᠵᠤ᠂ ᠪᠠᠷᠢᠯᠭ᠎ᠠ ᠶᠢᠨ ᠬᠦᠷᠢᠶ᠎ᠡ ᠴᠠᠷᠠᠭ᠎ᠠ ᠶᠢᠨ ᠥᠨᠳᠥᠷ ᠳᠡᠭᠡᠷ᠎ᠡ ᠠᠵᠢᠯᠯᠠᠬᠤ᠂ ᠴᠠᠬᠢᠯᠭᠠᠨ

ᠬᠡᠷᠡᠭᠯᠡᠬᠦ ᠬᠡᠢ ᠬᠡᠷᠡᠭᠯᠡᠬᠦ᠂ ᠭᠠᠯ ᠤᠨᠲᠠᠷᠠᠭᠠᠬᠤ ᠵᠡᠷᠭᠡ ᠲᠠᠯ᠎ᠠ ᠶᠢᠨ ᠠᠮᠤᠷ ᠲᠦᠪᠰᠢᠨ ᠤ ᠠᠰᠠᠭᠤᠳᠠᠯ ᠢ ᠴᠢᠩᠭ᠎ᠠ

ᠠᠩᠬᠠᠷᠴᠤ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ

ᠨᠠᠶᠢᠳᠠᠪᠤᠷᠢᠵᠢᠭᠤᠯᠤᠨ᠂ ᠪᠠᠷᠢᠯᠭ᠎ᠠ ᠶᠢᠨ ᠠᠵᠢᠯ ᠤᠨ ᠭᠠᠵᠠᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ

ᠦᠨᠡᠨᠬᠦ ᠪᠠᠬᠢᠵᠢᠭᠦᠯᠬᠦ ᠬᠡᠷᠡᠭᠳᠡᠢ ᠭᠡᠵᠡᠢ᠃

      ᠬᠠᠲᠤᠨ ᠭᠤᠣᠯ ᠪᠠᠷᠠᠭᠤᠨ ᠵᠡᠭᠡᠯᠢ ᠳᠤ᠂ ᠼᠦᠢ ᠵᠢᠩ ᠶᠢᠩ ᠵᠡᠭᠡᠯᠢ ᠳᠠᠭᠠᠤ ᠶᠢᠨ ᠢᠳᠡᠭᠡᠨ ᠤᠮᠳᠠᠭᠠᠨ ᠤ

ᠳᠡᠯᠭᠡᠭᠦᠷ ᠤᠨ ᠲᠣᠭᠤᠭᠠᠨ ᠭᠡᠷ ᠤᠨ ᠠᠵᠢᠯᠯᠠᠬᠤ ᠲᠠᠰᠤᠯᠭ᠎ᠠ ᠳᠤ ᠲᠠᠰᠢᠷᠠᠮ ᠢᠶᠠᠷ ᠬᠦᠷᠴᠦ᠂ ᠪᠠᠶᠢᠭᠠᠯᠢ ᠶᠢᠨ ᠰᠢᠲᠠᠮᠠᠬᠠᠢ

ᠬᠡᠢ ᠶᠢᠨ ᠬᠤᠭᠤᠯᠠᠢ᠂ ᠯᠣᠩᠬᠤᠨ ᠳᠤ ᠰᠠᠪᠠᠯᠠᠭᠰᠠᠨ ᠰᠢᠩᠭᠡᠵᠢᠮᠠᠯ ᠬᠡᠢ᠂ ᠲᠣᠭᠤᠭᠠᠨ ᠭᠡᠷ ᠤᠨ ᠵᠤᠤᠬᠠᠨ ᠤ ᠬᠡᠷᠡᠭᠰᠡᠯ᠂

ᠲᠦᠭᠰᠢᠭᠦᠷᠢ ᠮᠡᠳᠡᠭᠡᠯᠡᠬᠦ ᠲᠣᠨᠣᠭᠯᠠᠯ ᠵᠡᠷᠭᠡ ᠶᠢ ᠤᠭᠰᠠᠷᠠᠵᠤ ᠬᠡᠷᠡᠭᠯᠡᠭᠰᠡᠨ ᠪᠠᠶᠢᠳᠠᠯ ᠢ ᠨᠢ ᠨᠠᠷᠢᠨ ᠨᠢᠮᠪᠠᠢ ᠪᠠᠶᠢᠴᠠᠭᠠᠨ

ᠦᠵᠡᠪᠡ᠃ ᠲᠡᠷᠡ ᠬᠡᠯᠡᠭᠰᠡᠨ ᠨᠢ᠂ ᠬᠤᠳᠠᠯᠳᠤᠭᠠᠨ ᠤ ᠡᠷᠦᠬᠡ ᠰᠢᠲᠠᠮᠠᠬᠠᠢ ᠬᠡᠢ ᠶᠢᠨ ᠠᠮᠤᠷ ᠲᠦᠪᠰᠢᠨ ᠢ ᠴᠠᠭ

ᠢᠮᠠᠭᠲᠠ ᠠᠩᠬᠠᠷᠴᠤ᠂ ᠵᠢᠷᠤᠮᠵᠢᠯ ᠲᠠᠢ ᠠᠵᠢᠯᠯᠠᠬᠤ ᠶᠢ ᠴᠢᠩᠭ᠎ᠠ ᠵᠢᠷᠤᠮᠯᠠᠨ᠂ ᠠᠮᠤᠷ ᠲᠦᠪᠰᠢᠨ ᠢ ᠪᠠᠲᠤᠯᠠᠭᠰᠠᠨ

ᠤᠷᠢᠲᠠᠯ ᠳᠣᠣᠷ᠎ᠠ ᠨᠠᠩ ᠰᠠᠶᠢᠨ ᠡᠵᠡᠩᠨᠡᠯᠲᠡ ᠶᠢ ᠪᠡᠶᠡᠯᠡᠭᠦᠯᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ

 ᠤᠨ ᠬᠢᠨ ᠰᠢᠲᠠᠮᠠᠬᠠᠢ ᠬᠡᠢ ᠶᠢᠨ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠡᠷᠴᠢᠮ ᠢᠶᠠᠨ

ᠤᠯᠠᠮ ᠨᠢᠭᠡ ᠠᠯᠬᠤᠮ ᠴᠢᠩᠭᠠᠷᠠᠭᠤᠯᠵᠤ᠂ ᠢᠳᠡᠭᠡᠨ ᠤᠮᠳᠠᠭᠠᠨ ᠤ ᠠᠵᠢᠯ ᠲᠥᠷᠥᠯ ᠤᠨ ᠠᠵᠢᠯᠲᠠᠨ ᠤ ᠵᠢᠷᠤᠮᠵᠢᠯ ᠲᠠᠢ

ᠠᠵᠢᠯᠯᠠᠬᠤ ᠮᠡᠷᠭᠡᠵᠢᠯ ᠴᠢᠳᠠᠪᠤᠷᠢ ᠪᠠ ᠠᠮᠤᠷ ᠲᠦᠪᠰᠢᠨ ᠢᠶᠠᠷ ᠬᠡᠢ ᠬᠡᠷᠡᠭᠯᠡᠬᠦ ᠦᠵᠡᠯ ᠤᠬᠠᠮᠰᠠᠷ ᠢᠶᠠᠨ

ᠳᠡᠭᠡᠭᠰᠢᠯᠡᠭᠦᠯᠦᠨ᠂ ᠲᠣᠭᠲᠠᠮᠠᠯ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠪᠣᠯᠪᠠᠰᠤᠷᠠᠯ ᠪᠠ ᠡᠷᠦᠬᠡ ᠳᠤ ᠬᠦᠷᠴᠦ

ᠠᠮᠤᠷ ᠲᠦᠪᠰᠢᠨ ᠤ ᠪᠠᠶᠢᠴᠠᠭᠠᠯᠲᠠ ᠬᠢᠵᠦ᠂ ᠬᠤᠳᠠᠯᠳᠤᠭᠠᠨ ᠤ ᠡᠷᠦᠬᠡ ᠶᠢᠨ ᠠᠮᠤᠷ ᠲᠦᠪᠰᠢᠨ ᠢᠶᠠᠷ ᠠᠵᠢᠯᠯᠠᠬᠤ ᠶᠢ

ᠦᠨᠡᠨᠬᠦ ᠪᠠᠲᠤᠯᠠᠬᠤ ᠬᠡᠷᠡᠭᠲᠡᠢ ᠭᠡᠵᠡᠢ᠃

      ᠣᠷᠠᠨᠳᠦ᠋ᠰᠢ ᠵᠡᠬᠦᠨ ᠵᠡᠭᠡᠯᠢ ᠳᠤ᠂ ᠼᠦᠢ ᠵᠢᠩ ᠶᠢᠩ ᠡᠵᠡᠩᠨᠡᠯᠲᠡ ᠶᠢᠨ ᠴᠢᠨᠠᠷᠲᠠᠢ ᠥᠪᠡᠷ ᠢᠶᠠᠨ ᠪᠠᠷᠢᠭᠰᠠᠨ

ᠭᠡᠷ ᠪᠠᠶᠢᠰᠢᠩ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ

ᠪᠠᠶᠢᠴᠠᠭᠠᠪᠠ᠃ ᠲᠡᠷᠡ ᠬᠡᠯᠡᠭᠰᠡᠨ ᠨᠢ᠂ ᠥᠪᠡᠰᠦᠪᠡᠨ ᠭᠡᠷ ᠪᠠᠷᠢᠬᠤ ᠠᠮᠤᠷ ᠲᠦᠪᠰᠢᠨ ᠤ ᠬᠡᠮ ᠰᠣᠭᠤᠭ ᠢ ᠦᠷᠭᠦᠯᠵᠢᠯᠡᠨ

ᠭᠦᠨᠵᠡᠭᠡᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠵᠢᠯ ᠤᠨ ᠡᠬᠡ ᠲᠠᠩᠰᠠ ᠪᠠᠨ ᠬᠥᠳᠡᠯᠦᠩᠭᠦᠢ ᠪᠠᠷ

ᠰᠢᠨᠡᠳᠬᠡᠵᠦ᠂ ᠬᠠᠤᠯᠢ ᠲᠣᠭᠲᠠᠭᠠᠯ ᠶᠣᠰᠣᠭᠠᠷ ᠴᠡᠭᠴᠡᠯᠡᠨ ᠵᠠᠰᠠᠬᠤ ᠶᠢ ᠲᠦᠯᠬᠢᠨ ᠠᠬᠢᠭᠤᠯᠵᠤ᠂ ᠲᠤᠰᠬᠠᠢ

ᠪᠠᠶᠢᠭᠤᠯᠤᠮᠵᠢ ᠶᠢᠨ ᠬᠢᠨᠠᠨ ᠲᠣᠭᠲᠠᠭᠠᠵᠤ ᠰᠢᠯᠭᠠᠨ ᠠᠪᠬᠤ ᠶᠢ ᠵᠣᠬᠢᠶᠠᠨ ᠪᠠᠶᠢᠭᠤᠯᠵᠤ᠂ ᠡᠯ᠎ᠡ ᠲᠥᠷᠥᠯ ᠤᠨ ᠠᠮᠤᠷ

ᠲᠦᠪᠰᠢᠨ ᠤ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠠᠷᠢᠯᠭᠠᠵᠤ᠂ ᠥᠪᠡᠰᠦᠪᠡᠨ ᠪᠠᠷᠢᠭᠰᠠᠨ ᠭᠡᠷ ᠲᠡᠭᠡᠨ

︽ᠡᠮᠵᠡᠭ ᠲᠠᠢ ᠪᠠᠶᠢᠬᠤ ᠳᠤ ᠬᠥᠮᠥᠨ ᠰᠠᠭᠤᠬᠤ︾ ︽ᠡᠮᠵᠡᠭ ᠲᠠᠢ ᠪᠠᠶᠢᠬᠤ ᠳᠤ ᠡᠵᠡᠩᠨᠡᠬᠦ︾ ᠶᠢ ᠡᠷᠡᠰ ᠬᠤᠷᠢᠭᠯᠠᠬᠤ

ᠬᠡᠷᠡᠭᠲᠡᠢ ᠭᠡᠵᠡᠢ᠃

     ᠵᠦᠩ ᠪᠠᠩ ᠰᠢᠩᠭᠡᠨᠵᠢᠮᠡᠯ ᠬᠡᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠼᠦᠢ ᠵᠢᠩ ᠶᠢᠩ

ᠰᠢᠩᠭᠡᠨᠵᠢᠮᠡᠯ ᠬᠡᠢ ᠶᠢ ᠳᠦᠭᠦᠷᠭᠡᠵᠦ ᠬᠠᠳᠠᠭᠠᠯᠠᠬᠤ᠂ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠥᠬᠦᠭᠡᠷᠦᠮᠵᠢ

ᠵᠡᠷᠭᠡ ᠶᠢ ᠨᠢ ᠪᠠᠶᠢᠴᠠᠭᠠᠨ ᠦᠵᠡᠵᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ

ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠰᠢᠲᠠᠮᠠᠬᠠᠢ

ᠬᠡᠢ ᠶᠢᠨ ᠠᠮᠤᠷ ᠲᠦᠪᠰᠢᠨ ᠪᠣᠯ ᠴᠢᠬᠤᠯᠠ ᠶᠡᠭᠡ ᠶᠠᠪᠤᠳᠠᠯ ᠮᠦᠨ᠂ ᠠᠵᠤ ᠠᠬᠤᠶᠢᠯᠠᠯ ᠤᠨ ᠬᠠᠷᠢᠭᠤᠴᠠᠯᠭᠠᠲᠠᠨ

ᠰᠢᠩᠭᠡᠨᠵᠢᠮᠡᠯ ᠬᠡᠢ ᠶᠢᠨ ᠦᠢᠯᠡᠳᠪᠦᠷᠢᠯᠡᠯ᠂ ᠬᠠᠳᠠᠭᠠᠯᠠᠯᠲᠠ᠂ ᠲᠣᠬᠢᠷᠠᠭᠤᠯᠤᠨ ᠬᠦᠷᠭᠡᠬᠦ ᠵᠡᠷᠭᠡ ᠡᠯ᠎ᠡ ᠭᠤᠭᠴᠤᠭ᠎ᠠ ᠶᠢᠨ

ᠵᠢᠷᠤᠮᠵᠢᠭᠰᠠᠨ ᠬᠠᠮᠢᠶᠠᠷᠤᠯᠲᠠ ᠪᠠᠨ ᠴᠢᠩᠭᠠᠳᠬᠠᠵᠤ᠂ ᠰᠢᠲᠠᠮᠠᠬᠠᠢ ᠬᠡᠢ ᠶᠢᠨ ᠲᠥᠬᠦᠭᠡᠷᠦᠮᠵᠢ ᠶᠢᠨ ᠡᠳᠦᠷ ᠲᠤᠳᠤᠮ ᠤᠨ

ᠬᠠᠮᠠᠭᠠᠯᠠᠯᠲᠠ ᠪᠠ ᠪᠠᠶᠢᠴᠠᠭᠠᠯᠲᠠ ᠪᠠᠨ ᠰᠠᠶᠢᠲᠤᠷ ᠠᠳᠬᠤᠵᠤ᠂ ᠰᠢᠲᠠᠮᠠᠬᠠᠢ ᠬᠡᠢ ᠶᠢᠨ ᠲᠦᠩᠰᠡ ᠶᠢᠨ ᠬᠢᠨᠠᠯᠲᠠ

ᠬᠠᠮᠢᠶᠠᠷᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠠᠨ ᠪᠦᠷᠢᠨᠰᠢᠭᠦᠯᠦᠨ ᠲᠡᠭᠦᠯᠳᠡᠷᠵᠢᠭᠦᠯᠵᠦ᠂

ᠠᠮᠤᠷ ᠲᠦᠪᠰᠢᠨ ᠤ ᠭᠡᠮ ᠰᠣᠭᠤᠭ ᠢ ᠦᠨᠡᠨᠬᠦ ᠠᠷᠢᠯᠭᠠᠬᠤ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号