ᠲᠠᠩ ᠢ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/27
     3 ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠵᠤ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ᠂ ᠠᠵᠤ ᠠᠬᠤᠶᠢᠯᠠᠯ ᠢ ᠰᠲ᠋ᠤᠺ ᠤᠨ ᠵᠠᠬ᠎ᠠ ᠳᠡᠯᠭᠡᠭᠦᠷ ᠲᠤ ᠭᠠᠷᠭᠠᠨ ᠪᠣᠶᠢᠵᠢᠭᠤᠯᠬᠤ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ᠂ ᠪᠦᠬᠦ ᠪᠥᠮᠪᠥᠷᠴᠡᠭ ᠤᠨ ᠬᠠᠮᠤᠭ ᠤᠨ ᠲᠣᠮᠣ BDO ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ ᠢᠵᠢ ᠪᠦᠷᠢᠳᠦᠭᠦᠯᠬᠦ ᠲᠦᠷᠦ ᠶᠢᠨ ᠪᠣᠳᠣᠯᠭ᠎ᠠ ᠶᠢ ᠰᠤᠳᠤᠯᠤᠨ ᠲᠣᠭᠲᠠᠭᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠤᠳᠤᠷᠢᠳᠤᠯᠭ᠎ᠠ ᠯᠢ ᠠᠩ᠂ ᠯᠢ ᠴᠦᠨ ᠰᠢᠶᠣᠣ᠂ ᠵᠠᠩ ᠮᠢᠩ ᠮᠢᠩ᠂ ᠭᠤᠸ ᠪᠥᠸᠧ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠲᠠ ᠶᠢᠨ ᠤᠳᠤᠷᠢᠳᠤᠯᠭ᠎ᠠ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠡᠶᠢᠲᠡᠯᠡᠨ ᠬᠡᠷᠡᠭᠵᠢᠭᠦᠯᠬᠦ ᠪᠠᠷ ᠪᠠᠶᠢᠭ᠎ᠠ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠤᠷᠪᠤᠰ ᠳᠠᠷᠠᠭᠠᠯᠠᠨ ᠰᠤᠳᠤᠯᠤᠨ ᠶᠠᠷᠢᠯᠴᠠᠪᠠ᠃ ᠲᠠᠩ ᠢ ᠤᠯᠠᠨ ᠤ ᠶᠠᠷᠢᠬᠤ ᠶᠢ ᠰᠣᠨᠣᠰᠤᠭᠰᠠᠨ ᠤ ᠳᠠᠷᠠᠭ᠎ᠠ ᠬᠡᠯᠡᠭᠰᠡᠨ ᠨᠢ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠤᠨ ᠲᠡᠷᠢᠭᠦᠨ ᠴᠢᠬᠤᠯᠠ ᠢᠨᠵᠧᠨᠧᠷᠢᠩ ᠪᠣᠯᠣᠨ᠎ᠠ᠃ ᠪᠢᠳᠡ ᠡᠨᠡ ᠬᠦ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠬᠤ ᠳᠤ ᠰᠠᠭᠤᠷᠢᠯᠠᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠰᠠᠶᠢᠲᠤᠷ ᠨᠠᠶᠢᠳᠠᠪᠤᠷᠢᠵᠢᠭᠤᠯᠵᠤ᠂ ᠦᠬᠠᠢ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠡᠳᠡᠭᠡᠷ ᠦᠨ᠎ᠡ ᠴᠠᠨ᠎ᠠ ᠲᠠᠢ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠰᠤᠳᠤᠯᠤᠨ ᠲᠣᠭᠲᠠᠭᠠᠬᠤ ᠳᠤ ᠲᠦᠷᠦ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠶᠢ ᠰᠢᠰᠲ᠋ᠧᠮ ᠲᠠᠢ ᠪᠠᠷ ᠬᠡᠷᠡᠭᠯᠡᠵᠦ᠂ ᠦᠬᠠᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠪᠠ ᠳᠠᠶᠢᠴᠢᠯᠠᠬᠤ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠪᠦᠷᠢᠯᠳᠦᠭᠦᠯᠵᠦ᠂ ᠠᠰᠠᠭᠤᠳᠠᠯ ᠢ ᠨᠢ ᠨᠡᠩ ᠰᠠᠶᠢᠲᠤᠷ ᠰᠢᠢᠳᠪᠦᠷᠢᠯᠡᠵᠦ᠂ ᠠᠵᠢᠯ ᠢᠶᠠᠨ ᠨᠡᠩ ᠰᠠᠶᠢᠲᠤᠷ ᠠᠬᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠪᠣᠶᠢᠵᠢᠭᠤᠯᠬᠤ᠂ ᠠᠵᠤ ᠦᠢᠯᠡᠰ ᠢ ᠬᠥᠭᠵᠢᠭᠦᠯᠬᠦ᠂ ᠴᠢᠳᠠᠪᠤᠷᠢᠲᠠᠨ ᠢ ᠤᠷᠮᠠᠰᠢᠭᠤᠯᠤᠨ ᠵᠣᠷᠢᠭᠵᠢᠭᠤᠯᠬᠤ ᠪᠣᠳᠠᠲᠠᠢ ᠬᠡᠷᠡᠭᠴᠡᠭᠡ ᠯᠦᠭᠡ ᠨᠢᠭᠲᠠ ᠤᠶᠠᠯᠳᠤᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠲᠣᠭᠲᠠᠭᠠᠵᠤ᠂ ᠤᠨᠢᠨ ᠳᠡᠭᠡᠷ᠎ᠡ ᠨᠢ ᠲᠣᠭᠲᠠᠭᠠᠵᠤ᠂ ᠲᠦᠷᠦ ᠶᠢᠨ ᠪᠣᠳᠣᠯᠭ᠎ᠠ ᠶᠢᠨ ︽ᠡᠮ ᠤᠨ ᠬᠦᠯᠭᠡ︾ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ ᠪᠡᠯᠡ ᠮᠥᠩᠭᠦ᠂ ᠴᠢᠳᠠᠪᠤᠷᠢᠲᠠᠨ᠂ ᠮᠡᠷᠭᠡᠵᠢᠯ ᠵᠡᠷᠭᠡ ᠡᠬᠢ ᠪᠠᠶᠠᠯᠢᠭ ᠤᠨ ᠡᠯᠧᠮᠧᠨ᠋ᠲ ᠢ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠬᠤ ᠭᠤᠣᠯᠳᠠᠯᠭ᠎ᠠ ᠲᠠᠢ ᠠᠵᠢᠯ ᠳᠤ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠬᠦ ᠬᠡᠷᠡᠭᠲᠡᠢ ᠭᠡᠵᠡᠢ᠃      ᠲᠠᠩ ᠢ ᠬᠡᠯᠡᠭᠰᠡᠨ ᠨᠢ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠲᠠᠯ᠎ᠠ ᠪᠠᠷ᠂ ᠭᠤᠣᠯᠳᠠᠯᠭ᠎ᠠ ᠲᠠᠢ ᠪᠠᠷ ᠦᠬᠠᠢ ᠳᠤ ᠳᠤᠮᠳᠠ ᠵᠡᠷᠭᠡ ᠶᠢᠨ ᠲᠤᠷᠰᠢᠯᠲᠠ ᠶᠢᠨ ᠰᠠᠭᠤᠷᠢᠨ ᠭᠠᠵᠠᠷ ᠪᠠᠶᠢᠭᠤᠯᠬᠤ᠂ ᠤᠯᠤᠰ ᠤᠨ ᠲᠡᠰ ᠤᠨ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠲᠤᠷᠰᠢᠯᠲᠠ ᠶᠢᠨ ᠲᠠᠰᠤᠭ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠᠶᠢᠭᠤᠯᠬᠤ ᠵᠡᠷᠭᠡ ᠵᠦᠢᠯᠡᠰ ᠲᠤ ᠲᠣᠳᠣᠷᠬᠠᠢ ᠳᠡᠮᠵᠢᠯᠭᠡ ᠦᠵᠡᠭᠦᠯᠵᠦ᠂ ᠰᠤᠳᠤᠯᠤᠨ ᠨᠡᠭᠡᠭᠡᠬᠦ ᠪᠦᠯᠬᠦᠮ ᠪᠠ ᠡᠯ᠎ᠡ ᠲᠦᠷᠦᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠣᠭᠲᠠᠴᠠ ᠪᠠᠨ ᠠᠮᠢᠳᠤᠯᠢᠭ ᠪᠠᠶᠢᠯᠭᠠᠵᠤ᠂ ᠬᠠᠷᠠᠭᠠᠯᠵᠠᠯ ᠤᠨ ᠪᠠᠲᠤᠯᠠᠭ᠎ᠠ ᠶᠢ ᠣᠷᠣᠨ ᠰᠠᠭᠤᠴᠠ᠂ ᠴᠠᠯᠢᠩ ᠬᠥᠯᠥᠰᠦ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠮᠡᠷᠭᠡᠵᠢᠯ ᠤᠨ ᠴᠣᠯᠠ ᠲᠣᠭᠲᠠᠭᠠᠬᠤ ᠵᠡᠷᠭᠡ ᠤᠯᠠᠨ ᠲᠠᠯ᠎ᠠ ᠠᠴᠠ ᠬᠦᠴᠦᠯᠡᠵᠦ᠂ ᠲᠠᠲᠠᠬᠤ ᠬᠦᠴᠦᠨ ᠲᠠᠢ ᠪᠣᠯᠭᠠᠬᠤ ᠬᠡᠷᠡᠭᠲᠡᠢ᠃ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ᠂ ᠲᠠᠷᠢᠶᠠᠯᠠᠩ᠂ ᠠᠷᠠᠯᠵᠢᠶ᠎ᠠ ᠬᠤᠳᠠᠯᠳᠤᠭ᠎ᠠ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠭᠦᠨᠵᠡᠭᠡᠢ ᠠᠭᠤᠰᠤᠯᠴᠠᠯ᠂ ᠪᠦᠲᠦᠮᠵᠢᠲᠡᠢ ᠠᠭᠤᠰᠤᠯᠴᠠᠯ ᠢ ᠰᠢᠰᠲ᠋ᠧᠮ ᠲᠠᠢ ᠰᠦᠪᠡᠭᠴᠢᠯᠡᠵᠦ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠬᠡᠰᠡᠭ ᠲᠣᠭᠤᠷᠢᠭ᠂ ᠣᠨᠴᠠᠯᠢᠭᠲᠤ ᠵᠡᠭᠡᠯᠢ ᠲᠣᠭᠤᠷᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠰᠢᠰᠲ᠋ᠧᠮᠲᠦ ᠴᠢᠨᠠᠷᠲᠠᠢ ᠳᠡᠮᠵᠢᠬᠦ ᠰᠠᠨᠠᠯ ᠨᠡᠶᠢᠲᠡᠯᠡᠵᠦ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠠᠨᠠᠭᠠᠴᠢᠯᠠᠭ᠎ᠠ ᠲᠠᠢ ᠪᠠᠷ ᠬᠥᠲᠥᠯᠥᠨ ᠵᠢᠯᠤᠭᠤᠳᠴᠤ ᠪᠣᠶᠢᠵᠢᠭᠤᠯᠤᠨ᠂ ᠵᠣᠷᠢᠯᠭ᠎ᠠ ᠲᠠᠢ ᠪᠠᠷ ᠤᠯᠠᠨ ᠡᠰᠢᠲᠦ ᠬᠡᠷᠡᠭᠯᠡᠭᠡᠨ ᠤ ᠦᠵᠡᠭᠳᠡᠯ ᠢ ᠪᠤᠢ ᠪᠣᠯᠭᠠᠵᠤ᠂ ᠤᠬᠠᠭᠤᠯᠬᠤ᠂ ᠤᠬᠠᠭᠠᠯᠠᠬᠤ᠂ ᠴᠢᠮᠡᠨ ᠵᠠᠰᠠᠬᠤ ᠠᠵᠢᠯ ᠢᠶᠠᠨ ᠬᠠᠨᠳᠤᠯᠭᠠᠲᠤ ᠴᠢᠨᠠᠷᠲᠠᠢ ᠪᠠᠷ ᠰᠠᠶᠢᠲᠤᠷ ᠬᠢᠵᠦ᠂ ᠦᠬᠠᠢ ᠶᠢᠨ ᠥᠪᠡᠷᠮᠢᠴᠡ ᠣᠨᠴᠠᠯᠢᠭ ᠲᠠᠢ ᠲᠠᠷᠢᠶᠠᠯᠠᠩ ᠰᠣᠶᠣᠯ ᠵᠢᠭᠤᠯᠴᠢᠯᠠᠯ ᠤᠨ IP ᠶᠢ ᠪᠦᠷᠢᠯᠳᠦᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠳᠡᠢ᠃ ᠠᠵᠤ ᠠᠬᠤᠶᠢᠯᠠᠯ ᠢ ᠰᠲ᠋ᠤᠺ ᠤᠨ ᠵᠠᠬ᠎ᠠ ᠳᠡᠯᠭᠡᠭᠦᠷ ᠲᠤ ᠭᠠᠷᠭᠠᠨ ᠪᠣᠶᠢᠵᠢᠭᠤᠯᠬᠤ ᠲᠠᠯ᠎ᠠ ᠪᠠᠷ᠂ ᠠᠵᠢᠯ ᠢᠶᠠᠨ ᠪᠣᠳᠠᠲᠠᠢ ᠪᠥᠭᠡᠳ ᠨᠠᠷᠢᠯᠢᠭ ᠬᠢᠵᠦ᠂ ᠠᠵᠤ ᠠᠬᠤᠶᠢᠯᠠᠯ ᠢ ᠰᠲ᠋ᠤᠺ ᠤᠨ ᠵᠠᠬ᠎ᠠ ᠳᠡᠯᠭᠡᠭᠦᠷ ᠲᠤ ᠭᠠᠷᠭᠠᠬᠤ ᠶᠢᠨ ᠦᠨᠳᠦᠰᠦᠨ ᠴᠤᠪᠤᠷᠠᠯ᠂ ᠵᠠᠩᠭᠢᠯᠠᠭ᠎ᠠ ᠶᠢᠨ ᠭᠤᠭᠴᠤᠭ᠎ᠠ᠂ ᠬᠢᠨᠠᠨ ᠬᠠᠷᠭᠤᠭᠤᠯᠬᠤ ᠴᠢᠬᠤᠯᠠᠲᠠᠢ ᠮᠠᠲ᠋ᠧᠷᠢᠶᠠᠯ ᠤᠨ ᠴᠢᠬᠤᠯᠠ ᠨᠥᠬᠦᠴᠡᠯ ᠵᠡᠷᠭᠡ ᠶᠢ ᠡᠮᠬᠢᠯᠡᠨ ᠲᠣᠳᠣᠷᠬᠠᠶᠢᠯᠠᠵᠤ᠂ ᠠᠵᠤ ᠠᠬᠤᠶᠢᠯᠠᠯ ᠤᠨ ᠫᠠᠶᠢᠰᠠ ᠡᠯᠭᠦᠬᠦ ᠭᠤᠣᠯ ᠰᠠᠮᠪᠠᠷ᠎ᠠ ᠶᠢᠨ ᠲᠠᠰ ᠤᠨ ᠶᠣᠰᠣᠭᠠᠷ᠂ ᠱᠠᠩᠨᠠᠵᠤ ᠨᠥᠬᠦᠪᠦᠷᠢᠯᠡᠬᠦ ᠪᠠᠷᠢᠮᠵᠢᠶ᠎ᠠ ᠪᠠᠨ ᠵᠦᠢ ᠵᠣᠬᠢᠰᠲᠠᠢ ᠲᠣᠭᠲᠠᠭᠠᠵᠤ᠂ ᠱᠠᠲᠤ ᠦᠶ᠎ᠡ ᠬᠤᠪᠢᠶᠠᠨ᠂ ᠠᠬᠢᠴᠠ ᠪᠠᠷ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠬᠡᠷᠡᠭᠲᠡᠢ᠃ ᠪᠦᠬᠦ ᠪᠥᠮᠪᠥᠷᠴᠡᠭ ᠤᠨ ᠬᠠᠮᠤᠭ ᠤᠨ ᠲᠣᠮᠣ BDO ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠲᠠᠯ᠎ᠠ ᠪᠠᠷ᠂ ᠡᠯᠧᠮᠧᠨ᠋ᠲ ᠤᠨ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ᠂ ᠮᠥᠩᠭᠦᠨ ᠭᠦᠢᠯᠭᠡᠭᠡᠨ ᠤ ᠳᠡᠮᠵᠢᠯᠭᠡ᠂ ᠪᠠᠷᠠᠭᠠᠨ ᠤ ᠭᠦᠢᠯᠭᠡᠭᠡᠨ ᠤ ᠲᠡᠭᠡᠭᠡᠪᠦᠷᠢ᠂ ᠳᠡᠯᠭᠡᠷᠡᠭᠦᠯᠦᠨ ᠬᠡᠷᠡᠭᠯᠡᠬᠦ ᠵᠢᠴᠢ BDO ᠦᠢᠯᠡᠳᠬᠦᠨ ᠤ ᠠᠷᠠᠯᠵᠢᠶ᠎ᠠ᠂ ᠪᠠᠷᠢᠮᠵᠢᠶ᠎ᠠ ᠲᠣᠭᠲᠠᠭᠠᠬᠤ᠂ ᠶᠠᠰᠤ ᠴᠢᠨᠠᠷ ᠰᠢᠯᠭᠠᠨ ᠪᠠᠶᠢᠴᠠᠭᠠᠬᠤ ᠵᠡᠷᠭᠡ ᠭᠤᠣᠯᠳᠠᠯᠭ᠎ᠠ ᠲᠠᠢ ᠵᠦᠢᠯᠡᠰ ᠤᠨ ᠲᠣᠭᠤᠷᠢᠨ ᠳᠤ᠂ ᠤᠨᠢᠨ ᠳᠡᠭᠡᠷ᠎ᠡ ᠨᠢ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠴᠤ᠂ ᠳᠡᠭᠡᠳᠦ ᠱᠠᠲᠤᠨ ᠤ ᠳᠡᠮᠵᠢᠯᠭᠡ ᠶᠢ ᠣᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号