ᠣᠶᠢᠷ᠎ᠠ ᠶᠢᠨ ᠵᠢᠯ ᠤᠳ ᠲᠤ᠂ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠲᠥᠪ ᠥᠷᠭᠡᠨ ᠣᠯᠠᠨ ᠲᠤᠰᠢᠶᠠᠨ ᠬᠠᠳᠠᠭᠠᠯᠠᠭᠤᠯᠵᠤ ᠪᠠᠶᠢᠭ᠎ᠠ ᠠᠵᠢᠯᠲᠠᠨ ᠠᠵᠢᠯᠴᠢᠨ ᠤ ᠣᠯᠠᠨ | ᠶᠠᠩᠵᠤᠴᠢᠯᠠᠭᠰᠠᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠲᠤᠬᠠᠶᠢᠯᠠᠭᠰᠠᠨ ᠠᠵᠢᠯ ᠭᠦᠢᠴᠡᠳᠬᠡᠬᠦ ᠴᠠᠭ᠂ ᠣᠷᠣᠨ ᠵᠠᠢ ᠶᠢᠨ ᠬᠢᠵᠠᠭᠠᠷᠯᠠᠯ ᠢ ᠤᠯᠠᠮ ᠨᠢᠭᠡ ᠠᠯᠬᠤᠮ ᠡᠪᠳᠡᠵᠦ᠂ | ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠭᠦᠢᠴᠡᠳᠬᠡᠬᠦ ᠬᠦᠷᠢᠶ᠎ᠡ ᠬᠡᠪᠴᠢᠶ᠎ᠡ ᠪᠠᠨ ᠦᠷᠭᠦᠯᠵᠢᠯᠡᠨ | ᠥᠷᠭᠡᠳᠬᠡᠵᠦ᠂ ᠲᠤᠭᠠᠵᠢᠯᠳᠠ ᠪᠠᠷ ᠡᠨᠧᠷᠭᠢ ᠣᠯᠭᠤᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠲᠤᠬᠠᠶᠢᠯᠠᠭᠰᠠᠨ ᠠᠵᠢᠯ ᠭᠦᠢᠴᠡᠳᠬᠡᠬᠦ ᠳᠤ ᠲᠦᠬᠦᠮ ᠲᠦᠳᠡ ᠪᠤᠯᠭᠠᠪᠠ᠃ | ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠭᠠᠵᠢᠯᠳᠠ ᠪᠠᠷ ᠬᠥᠭᠵᠢᠭᠦᠯᠬᠦ ᠠᠷᠭ᠎ᠠ ᠵᠠᠮ ᠢ | ᠢᠳᠡᠪᠬᠢᠲᠡᠢ ᠪᠠᠷ ᠰᠦᠪᠡᠭᠴᠢᠯᠡᠨ ᠦᠢᠯᠡᠳᠦᠯᠭᠡᠵᠢᠭᠦᠯᠵᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ App᠂ | ᠦᠬᠠᠢ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ | ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ︽ᠮᠦᠩᠭᠡ ᠰᠣᠪᠠᠭ︾ App ᠵᠡᠷᠭᠡ ᠰᠦᠯᠵᠢᠶᠡᠨ ᠳᠡᠭᠡᠷᠡᠬᠢ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠴᠢᠯᠡᠭᠡ ᠶᠢ ᠣᠷᠢᠳ ᠬᠤᠵᠢᠳ ᠨᠡᠪᠳᠡᠷᠡᠭᠦᠯᠪᠡ᠃ ᠣᠲᠣ | ᠪᠣᠯᠲᠠᠯ᠎ᠠ᠂ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ | ᠰᠦᠯᠵᠢᠶᠡᠨ ᠳᠡᠭᠡᠷᠡᠬᠢ ᠦᠢᠯᠡᠴᠢᠯᠡᠭᠡ ᠳᠤ ᠳᠠᠩᠰᠠᠯᠠᠭᠤᠯᠤᠭᠰᠠᠨ ᠬᠡᠷᠡᠭᠯᠡᠭᠴᠢ 6 ᠲᠦᠮᠡ ᠶᠢ ᠳᠠᠪᠠᠵᠤ᠂ ᠰᠦᠯᠵᠢᠶᠡᠨ | ᠳᠡᠭᠡᠷ᠎ᠡ 4000 ᠭᠠᠷᠤᠢ ᠬᠤᠪᠢ ᠲᠤᠰᠢᠶᠠᠯ ᠠᠴᠠ ᠪᠠᠨ ᠰᠠᠯᠤᠭᠰᠠᠳ᠂ 1000 ᠭᠠᠷᠤᠢ ᠬᠤᠪᠢ ᠭᠡᠷ | ᠲᠦᠷᠢᠶᠡᠰᠦᠯᠡᠭᠰᠡᠳ᠂ 300 ᠭᠠᠷᠤᠢ ᠬᠤᠪᠢ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠭᠠᠷᠭᠠᠨ ᠠᠪᠬᠤ ᠭᠠᠷ | ᠭᠦᠢᠴᠡᠳᠬᠡᠯ ᠢ ᠪᠡᠶᠡᠯᠡᠬᠦᠯᠵᠦ᠂ ᠰᠦᠯᠵᠢᠶᠡᠨ ᠲᠡᠭᠡᠷ᠎ᠡ ᠲᠤᠬᠠᠶᠢᠯᠠᠭᠰᠠᠨ ᠠᠵᠢᠯ ᠭᠦᠢᠴᠡᠳᠬᠡᠭᠰᠡᠨ ᠲᠤᠭ᠎ᠠ ᠨᠡᠶᠢᠲᠡ | 6000 ᠬᠤᠪᠢ ᠶᠢ ᠳᠠᠪᠠᠵᠠᠢ᠃ | ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠰᠦᠯᠵᠢᠶᠡᠨ | ᠳᠡᠭᠡᠷᠡᠬᠢ ᠦᠢᠯᠡᠴᠢᠯᠡᠭᠡᠨ ᠤ ᠶᠠᠰᠤ ᠴᠢᠨᠠᠷ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠰᠦᠯᠵᠢᠶᠡᠨ ᠳᠡᠭᠡᠷᠡᠬᠢ | ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠬᠡᠨ᠂ | ︽ᠲᠤᠭ᠎ᠠ ᠪᠠᠷᠢᠮᠲᠠ ᠶᠢ ᠢᠯᠡᠭᠦᠬᠡᠨ ᠠᠰᠢᠭᠯᠠᠵᠤ᠂ ᠣᠯᠠᠨ ᠲᠦᠮᠡᠨ ᠢ ᠲᠤᠳᠠᠭᠤ ᠭᠦᠶᠦᠯᠭᠡᠬᠦ︾ ᠶᠢ ᠪᠥᠬᠦ | ᠬᠦᠴᠦᠨ ᠢᠶᠠᠷ ᠢᠶᠠᠨ ᠪᠡᠶᠡᠯᠡᠭᠦᠯᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠤᠯᠠᠮ ᠨᠢᠭᠡ ᠠᠯᠬᠤᠮ | ᠲᠥᠬᠦᠮ ᠦᠵᠡᠭᠦᠯᠬᠦ ᠪᠤᠯᠤᠨ᠎ᠠ᠃ | |