ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2024 ᠣᠨ ᠤ ᠲᠥᠯᠥᠭᠡᠯᠡᠭᠴᠢᠳ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/28
     3 ᠰᠠᠷ᠎ᠠ ᠶᠢᠨ 27 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2024 ᠣᠨ ᠤ ᠲᠥᠯᠥᠭᠡᠯᠡᠭᠴᠢᠳ ᠤᠨ ᠠᠵᠢᠯ ᠤᠨ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠸ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠢ ᠬᠠᠢ ᠿᠦᠩ᠂ ᠴᠡᠩᠭᠡᠯ᠂ ᠰᠥᠩ ᠶᠤᠸᠠᠢ ᠰᠢᠶᠠ᠂ ᠿᠧᠨ ᠵᠢᠢ ᠬᠤᠸᠠ ᠪᠣᠯᠣᠨ ᠨᠠᠷᠢᠨ ᠪᠢᠴᠢᠭ ᠤᠨ ᠳᠠᠷᠤᠭ᠎ᠠ ᠲᠢᠶᠠᠨ ᠵᠤ᠋ ᠵᠢᠶᠦ᠋ᠨ ᠬᠤᠷᠠᠯ ᠳᠤ ᠣᠷᠣᠯᠴᠠᠪᠠ᠃      ᠬᠤᠷᠠᠯ ᠠᠴᠠ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ  ᠤ 2024 ᠣᠨ ᠤ ᠲᠥᠯᠥᠭᠡᠯᠡᠭᠴᠢᠳ ᠤᠨ ᠠᠵᠢᠯ ᠤᠨ ᠲᠣᠬᠢᠷᠠᠭᠤᠯᠤᠯᠲᠠ ᠪᠠᠨ ᠵᠠᠷᠯᠠᠨ ᠮᠡᠳᠡᠭᠳᠡᠭᠰᠡᠨ ᠪᠥᠭᠡᠳ ᠲᠥᠯᠥᠭᠡᠯᠡᠭᠴᠢᠳ ᠤᠨ ᠠᠵᠢᠯ ᠤᠨ ᠬᠤᠯᠪᠤᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠲᠠᠶᠢᠯᠤᠮᠵᠢ ᠬᠢᠪᠡ᠃ ᠲᠤᠬᠠᠢ ᠶᠢᠨ ᠲᠠᠯᠠᠪᠠᠢ ᠳᠤ ᠪᠠᠰᠠ ︽ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠯᠢᠳᠡᠭ ᠲᠥᠯᠥᠭᠡᠯᠡᠭᠴᠢ ᠶᠢᠨ ᠠᠵᠢᠯᠯᠠᠭ᠎ᠠ ᠶᠢᠨ ᠳᠤᠭᠤᠶᠢᠯᠠᠩ᠂ ᠰᠢᠯᠢᠳᠡᠭ ᠲᠥᠯᠥᠭᠡᠯᠡᠭᠴᠢ ᠶᠢᠨ ᠭᠡᠷ ᠪᠦᠯᠢ ︵ᠬᠠᠷᠢᠯᠴᠠᠬᠤ ᠦᠷᠳᠡᠭᠡ︶ ᠪᠣᠯᠣᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠲᠤᠬᠠᠢ ᠦᠬᠠᠢ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ︾ ᠢ ᠤᠩᠰᠢᠨ ᠨᠡᠶᠢᠲᠡᠯᠡᠭᠰᠡᠨ ᠪᠥᠭᠡᠳ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠳᠤ ᠱᠠᠩᠨᠠᠯ ᠭᠠᠷᠳᠠᠭᠤᠯᠪᠡ᠃      ᠹᠧᠩ ᠰᠢᠤᠸᠠᠢ ᠲᠤᠸ ᠬᠡᠯᠡᠭᠰᠡᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠯᠥᠭᠡᠯᠡᠭᠴᠢᠳ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠠᠷᠠᠳ ᠣᠯᠠᠨ ᠲᠠᠢ ᠬᠠᠷᠢᠯᠴᠠᠬᠤ ᠬᠤᠯᠪᠣᠭᠠᠰᠤ ᠬᠥᠭᠦᠷᠭᠡ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢᠶᠠᠨ ᠪᠠᠳᠠᠷᠠᠭᠤᠯᠬᠤ ᠶᠢ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢᠨ ᠴᠢᠬᠤᠯᠠ ᠢᠯᠡᠷᠡᠯ ᠪᠣᠯᠭᠠᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠪᠠᠶᠢᠳᠠᠯ ᠳᠤ ᠰᠠᠭᠤᠷᠢᠯᠠᠨ᠂ ᠰᠢᠨ᠎ᠡ ᠱᠠᠭᠠᠷᠳᠠᠯᠭ᠎ᠠ ᠶᠢ ᠡᠵᠡᠮᠳᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠠᠶᠢᠭ᠎ᠠ ᠨᠡᠶᠢᠭᠡᠮ ᠲᠣᠭᠤᠷᠢᠭ ᠲᠤ ᠣᠴᠢᠵᠤ ᠨᠡᠷ᠎ᠡ ᠮᠡᠳᠡᠭᠦᠯᠬᠦ᠂ ᠵᠠᠭᠠᠯᠳᠤᠬᠤ ᠠᠴᠠ ᠡᠮᠦᠨ᠎ᠡ ᠡᠶᠡᠳᠡᠭᠦᠯᠬᠦ ᠠᠵᠢᠯ ᠳᠤ ᠣᠷᠣᠯᠴᠠᠬᠤ᠂ ᠬᠢᠨᠠᠯᠲᠠ ᠲᠠᠯᠪᠢᠬᠤ ᠵᠦᠢᠯᠡᠰ ᠢ ᠲᠤᠰᠬᠠᠬᠤ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠤ ᠣᠷᠣᠯᠴᠠᠬᠤ ᠲᠦᠷᠪᠡᠨ ᠵᠦᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠢᠨ᠎ᠡ ᠲᠣᠭᠲᠠᠴᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠲᠥᠯᠥᠭᠡᠯᠡᠭᠴᠢᠳ ᠤᠨ ᠠᠵᠢᠯ ᠤᠨ ᠥᠨᠳᠥᠷ ᠪᠠᠷᠢᠮᠵᠢᠶ᠎ᠠ ᠪᠠᠷ ᠶᠠᠪᠤᠭᠳᠠᠬᠤ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠨ ᠴᠢᠩᠭᠠᠳᠬᠠᠵᠤ᠂ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠦᠨ ᠥᠭᠴᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠦᠴᠦ ᠪᠠᠨ ᠬᠠᠮᠲᠤᠳᠬᠠᠨ ᠬᠠᠮᠵᠢᠯᠴᠠᠵᠤ᠂ ᠲᠥᠯᠥᠭᠡᠯᠡᠭᠴᠢᠳ ᠤᠨ ᠠᠵᠢᠯ ᠳᠤ ᠨᠢᠭᠲᠠ ᠬᠠᠮᠵᠢᠯᠴᠠᠨ᠂ ︽ᠲᠦᠯᠦᠭᠡᠯᠡᠭᠴᠢ ᠶᠢᠨ ᠪᠠᠶᠢᠭᠤᠯᠭ᠎ᠠ︾ ᠶᠢᠨ ᠪᠠᠶᠢᠷᠢ ᠲᠣᠭᠲᠠᠭᠠᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠠᠭᠤᠷᠢ ᠪᠠᠲᠤᠯᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠲᠥᠯᠥᠭᠡᠯᠡᠭᠴᠢᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ︽ᠲᠠᠪᠤᠨ ᠦᠯᠢᠭᠡᠷ ᠳᠠᠭᠤᠷᠢᠶᠠᠯ︾ ᠤᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠲᠥᠯᠥᠭᠡᠯᠡᠭᠴᠢᠳ ᠤᠨ ᠪᠡᠶᠡᠴᠢ ᠴᠣᠭᠴᠠ ᠶᠢᠨ ᠦᠢᠯᠡᠳᠦᠯ ᠪᠠ ᠥᠪᠡᠷᠮᠢᠴᠡ ᠳᠠᠪᠠᠭᠤᠯᠢᠭ ᠢᠶᠠᠨ ᠨᠡᠩ ᠰᠠᠶᠢᠲᠤᠷ ᠪᠠᠳᠠᠷᠠᠭᠤᠯᠬᠤ ᠶᠢ ᠦᠨᠡᠨ ᠬᠦ ᠪᠠᠲᠤᠯᠠᠵᠤ᠂ ᠲᠥᠯᠥᠭᠡᠯᠡᠭᠴᠢᠳ ᠤᠨ ᠠᠵᠢᠯ ᠳᠤ ᠨᠡᠩ ᠢᠯᠡᠭᠦᠦ ᠨᠢᠭᠳᠠᠷᠠᠯ ᠤᠨ ᠬᠦᠴᠦᠨ᠂ ᠬᠥᠳᠡᠯᠭᠡᠬᠦ ᠬᠦᠴᠦᠨ᠂ ᠠᠮᠢᠵᠢᠷᠠᠯ ᠤᠨ ᠬᠦᠴᠦᠨ ᠨᠡᠮᠡᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号