ᠬᠤᠲᠠ ᠶᠢᠨ ᠵᠠᠰᠠᠭ ᠤᠨ ᠣᠷᠳᠣᠨ ᠪᠣᠯᠣᠨ ᠪᠤᠭᠤᠲᠤ ᠶᠢᠨ ᠪᠣᠯᠣᠳ ᠲᠡᠮᠦᠷ ︵ᠪᠦᠯᠦᠭᠯᠡᠯ︶ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠠᠷᠢᠯᠴᠠᠬᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2024/3/28
     3 ᠰᠠᠷ᠎ᠠ ᠶᠢᠨ 27 ᠤ ᠡᠳᠦᠷ᠂ ᠬᠤᠲᠠ ᠶᠢᠨ ᠵᠠᠰᠠᠭ ᠤᠨ ᠣᠷᠳᠣᠨ ᠪᠣᠯᠣᠨ ᠪᠤᠭᠤᠲᠤ ᠶᠢᠨ ᠪᠣᠯᠣᠳ ᠲᠡᠮᠦᠷ ︵ᠪᠦᠯᠦᠭᠯᠡᠯ︶ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠠᠷᠢᠯᠴᠠᠬᠤ ᠬᠤᠷᠠᠯ ᠬᠤᠷᠠᠯᠳᠣᠭᠤᠯᠵᠦ᠂ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠢ ᠰᠠᠨᠠᠯ ᠢᠶᠠᠨ ᠰᠣᠯᠢᠯᠴᠠᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ᠂ ᠪᠤᠭᠤᠲᠤ ᠶᠢᠨ ᠪᠣᠯᠣᠳ ᠲᠡᠮᠦᠷ ︵ᠪᠦᠯᠦᠭᠯᠡᠯ︶ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠯᠢ ᠰᠢᠶᠣᠣ᠂ ᠪᠤᠭᠤᠲᠤ ᠶᠢᠨ ᠪᠣᠯᠣᠳ ᠲᠡᠮᠦᠷ ︵ᠪᠦᠯᠦᠭᠯᠡᠯ︶ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ ᠰᠢᠦᠢ ᠶᠢᠩ ᠣᠷᠣᠯᠴᠠᠪᠠ᠃ ᠬᠤᠳᠠ ᠶᠢᠨ ᠳᠡᠳ᠋ ᠳᠠᠷᠤᠭ᠎ᠠ ᠭᠦᠸᠧ ᠢ ᠵᠢᠶᠧ ᠶᠠᠷᠢᠯᠴᠠᠬᠤ ᠬᠤᠷᠠᠯ ᠳᠤ ᠣᠷᠣᠯᠴᠠᠪᠠ᠃      ᠼᠦᠢ ᠵᠢᠩ ᠶᠢᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠯᠢ ᠰᠢᠶᠣᠣ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠤᠷᠳᠤ ᠬᠤᠭᠤᠴᠠᠭᠠᠨ ᠤ ᠲᠤᠷᠰᠢ ᠮᠠᠨ ᠤ ᠬᠤᠳᠠ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠤᠯᠠᠨ ᠵᠢᠯ ᠤᠨ ᠲᠤᠷᠰᠢ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠢᠨ ᠦᠬᠠᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠳᠡᠮᠵᠢᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠬᠠᠮᠲᠤᠷᠠᠯᠴᠠᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠣᠳᠣᠬᠠᠨ ᠳᠤ᠂ ᠦᠬᠠᠢ ᠬᠤᠳᠠ ᠶᠢᠨ ᠬᠢᠨ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠨ ᠠᠭᠤᠰᠤᠯᠴᠠᠵᠤ᠂ ᠤᠯᠠᠮᠵᠢᠯᠠᠯᠲᠤ ᠠᠵᠤ ᠦᠢᠯᠡᠰ ᠤᠨ ᠲᠡᠰ ᠳᠡᠪᠰᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠬᠥᠭᠵᠢᠯᠲᠡ ᠶᠢᠨ ᠣᠷᠣᠨ ᠵᠠᠢ ᠥᠷᠭᠡᠨ ᠠᠭᠤᠳᠠᠮ᠂ ᠨᠥᠭᠡᠴᠡ ᠬᠦᠴᠦᠨ ᠯᠤᠲᠤ ᠶᠡᠭᠡ ᠪᠠᠶᠢᠨ᠎ᠠ᠃ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠢᠨ ᠮᠡᠷᠭᠡᠵᠢᠯ᠂ ᠡᠬᠢ ᠪᠠᠶᠠᠯᠢᠭ ᠵᠡᠷᠭᠡ ᠲᠠᠯ᠎ᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠷᠣᠨ ᠨᠤᠲᠤᠭ ᠠᠵᠤ ᠠᠬᠤᠶᠢᠯᠠᠯ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠵᠦ᠂ ᠬᠠᠮᠵᠢᠯᠴᠠᠨ ᠬᠥᠭᠵᠢᠬᠦ ᠰᠢᠨ᠎ᠡ ᠣᠷᠣᠨ ᠵᠠᠢ ᠶᠢ ᠲᠠᠰᠤᠷᠠᠯᠲᠠ ᠦᠭᠡᠢ ᠥᠷᠭᠡᠳᠬᠡᠬᠦ ᠶᠢ ᠬᠦᠰᠡᠵᠦ ᠪᠠᠶᠢᠨ᠎ᠠ᠃ ᠦᠬᠠᠢ ᠬᠤᠳᠠ ᠶᠢᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠦᠢᠯᠡᠴᠢᠯᠡᠭᠡᠨ ᠤ ᠪᠠᠲᠤᠯᠠᠭ᠎ᠠ ᠪᠠᠨ ᠰᠠᠶᠢᠲᠤᠷ ᠬᠢᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠢᠢᠳᠪᠦᠷᠢᠯᠡᠬᠦ ᠰᠡᠳᠬᠢᠬᠦᠢ ᠪᠠᠷ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠦᠴᠢᠷᠳᠡᠯ ᠢ ᠨᠢ ᠰᠢᠢᠳᠪᠦᠷᠢᠯᠡᠬᠦ ᠶᠢ ᠪᠦᠬᠦ ᠬᠦᠴᠦᠨ ᠢᠶᠠᠷ ᠢᠶᠠᠨ ᠲᠡᠮᠵᠢᠨ ᠬᠠᠪᠰᠤᠷᠴᠤ᠂ ᠠᠵᠤ ᠠᠬᠤᠶᠢᠯᠠᠯ ᠤᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠡᠢ᠃      ᠯᠢ ᠰᠢᠶᠣᠣ ᠮᠠᠨ ᠤ ᠬᠤᠳᠠ ᠶᠢᠨ ᠤᠷᠳᠤ ᠬᠤᠭᠤᠴᠠᠭᠠᠨ ᠤ ᠲᠤᠷᠰᠢ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠪᠠ ᠰᠢᠯᠢᠳᠡᠭ ᠦᠢᠯᠡᠴᠢᠯᠡᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠢᠯᠡᠷᠭᠡᠶᠢᠯᠡᠭᠰᠡᠨ ᠨᠢ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠢᠨ ᠦᠬᠠᠢ ᠬᠤᠳᠠ  ᠯᠤᠭ᠎ᠠ ᠶᠢᠨ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠬᠠᠮᠲᠤᠷᠠᠯᠴᠠᠭᠠᠨ ᠤ ᠬᠦᠷᠢᠶ᠎ᠡ ᠪᠠᠨ ᠲᠠᠰᠤᠷᠠᠯᠳᠠ ᠦᠭᠡᠢ ᠥᠷᠭᠡᠳᠬᠡᠵᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号