ᠲᠥᠪ ᠤᠨ ᠵᠠᠭᠤᠴᠢᠯᠠᠭᠤᠷ ᠤᠨ ᠰᠣᠷᠪᠤᠯᠵᠢᠯᠠᠭ᠎ᠠ ᠶᠢᠨ ᠪᠦᠯᠬᠦᠮ ᠮᠠᠨ ᠤ ᠬᠤᠲᠠ ᠶᠢᠨ ᠰᠢᠨ᠎ᠡ ᠶᠢ ᠡᠭᠦᠳᠬᠦ ᠬᠦᠭᠵᠢᠯᠳᠡ ᠳᠤ ᠠᠩᠬᠠᠷᠣᠯ ᠢᠶᠠᠨ ᠲᠦᠪᠯᠡᠷᠡᠭᠦᠯᠪᠡ
ᠨᠡᠶᠢᠲᠡᠯᠡᠭᠰᠡᠨ ᠴᠠᠭ᠄
2024/3/29
     3 ᠰᠠᠷ᠎ᠠ ᠶᠢᠨ 28 ᠤ ᠡᠳᠦᠷ᠂ ᠲᠥᠪ ᠤᠨ ᠵᠠᠭᠤᠴᠢᠯᠠᠭᠤᠷ ᠤᠨ ᠰᠣᠷᠪᠤᠯᠵᠢᠯᠠᠭ᠎ᠠ ᠶᠢᠨ ᠪᠦᠯᠬᠦᠮ ᠤᠨ ᠬᠢᠨ ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ᠂ ᠥᠪᠥᠷ ᠮᠣᠩᠭᠤᠯ ᠤᠨ ᠵᠢᠵᠢᠭ ᠭᠤᠷᠪᠠᠨ ᠱᠣᠭᠤᠮ ᠤᠨ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠤᠨ ᠳᠤᠷᠠᠰᠬᠠᠯ ᠤᠨ ᠣᠷᠳᠣᠨ᠂ ᠳᠤᠮᠳᠠᠳᠤ ᠮᠣᠩᠭᠤᠯ ᠤᠷᠤᠰ ᠤᠨ ᠣᠨᠴᠠᠯᠢᠭᠲᠤ ᠠᠷᠠᠯᠵᠢᠶᠠᠨ ᠤ ᠲᠣᠭᠤᠷᠢᠭ ᠵᠡᠷᠭᠡ ᠭᠠᠵᠠᠷ ᠲᠤ ᠬᠦᠷᠴᠦ ᠰᠤᠷᠪᠤᠯᠵᠢᠯᠠᠪᠠ᠃      ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠳᠤ᠂ ᠰᠣᠷᠪᠤᠯᠵᠢᠯᠠᠭ᠎ᠠ ᠶᠢᠨ ᠪᠦᠯᠬᠦᠮ ᠤᠨ ᠬᠢᠨ ᠭᠦᠸᠧ ᠰᠢᠤᠸᠠᠨ᠂ ᠬᠤᠸᠠ ᠾᠧᠩ᠂ ᠭᠤᠸᠠᠩ ᠵᠢᠦᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠠᠵᠤ ᠠᠬᠤᠶᠢᠯᠠᠯ ᠤᠨ ᠦᠢᠯᠡᠳᠪᠦᠷᠢᠯᠡᠯ ᠠᠵᠢᠯᠯᠠᠭᠠᠨ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ︽ᠥᠨᠥᠳᠥᠷ ᠬᠡᠳᠦᠨ ᠠᠵᠤ ᠠᠬᠤᠶᠢᠯᠠᠯ ᠢ ᠰᠤᠷᠪᠤᠯᠵᠢᠯᠠᠭᠠᠳ ᠪᠢ ᠮᠠᠰᠢ ᠶᠡᠭᠡ ᠣᠯᠣᠯᠲᠠ ᠲᠠᠢ᠂ ᠦᠬᠠᠢ ᠶᠢᠨ BDO ᠠᠵᠤ ᠦᠢᠯᠡᠰ ᠢ ᠮᠠᠰᠢ ᠰᠠᠶᠢᠨ ᠬᠢᠵᠦ ᠪᠠᠶᠢᠬᠤ ᠶᠢ ᠥᠩᠭᠡᠷᠡᠭᠰᠡᠨ ᠳᠤ ᠨᠢᠭᠡᠨᠳᠡ ᠣᠶᠢᠯᠠᠭᠠᠭᠰᠠᠨ ᠶᠤᠮ᠂ ᠥᠨᠥᠳᠥᠷ ᠯᠢᠲ᠋ᠢ ᠶᠢᠨ ᠴᠠᠬᠢᠯᠭᠠᠨ ᠴᠡᠨᠡᠭ ᠤᠨ ᠮᠠᠲ᠋ᠧᠷᠢᠶᠠᠯ᠂ PTMEG ᠵᠡᠷᠭᠡ BDO ᠶᠢᠨ ᠳᠣᠣᠷᠠᠳᠤ ᠤᠷᠤᠰᠬᠠᠯ ᠤᠨ ᠦᠢᠯᠡᠳᠬᠦᠨ ᠢ ᠴᠦ ᠮᠠᠰᠢ ᠰᠠᠶᠢᠨ ᠬᠢᠵᠦ ᠪᠠᠶᠢᠬᠤ ᠶᠢ ᠣᠯᠵᠤ ᠬᠠᠷᠠᠵᠠᠢ᠃ ᠡᠳᠡᠭᠡᠷ ᠠᠵᠤ ᠠᠬᠤᠶᠢᠯᠠᠯ ᠤᠨ ᠲᠦᠷᠦᠯ ᠵᠦᠢᠯ ᠨᠢ ᠮᠠᠰᠢ ᠶᠡᠭᠡ ᠥᠷᠢᠰᠦᠯᠳᠦᠬᠦ ᠬᠦᠴᠦᠨ ᠲᠠᠢ᠂ ᠬᠥᠭᠵᠢᠯᠲᠡ ᠶᠢᠨ ᠢᠷᠡᠭᠡᠳᠦᠢ ᠮᠠᠰᠢ ᠶᠡᠭᠡ ᠪᠠᠶᠢᠨ᠎ᠠ᠂ ᠪᠢᠳᠡ ᠦᠷᠭᠦᠯᠵᠢᠯᠡᠨ ᠠᠩᠬᠠᠷᠴᠤ᠂ ᠦᠬᠠᠢ ᠶᠢᠨ ᠣᠨᠴᠠᠯᠢᠭ ᠲᠠᠢ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠬᠥᠭᠵᠢᠯᠲᠡ ᠶᠢᠨ ᠠᠷᠭ᠎ᠠ ᠵᠠᠮ ᠢ ᠪᠦᠬᠦ ᠲᠠᠯ᠎ᠠ ᠪᠠᠷ᠂ ᠤᠯᠠᠨ ᠬᠠᠷᠠᠭᠠᠰᠤ ᠠᠴᠠ ᠰᠠᠶᠢᠲᠤᠷ ᠤᠯᠠᠮᠵᠢᠯᠠᠨ᠎ᠠ︾ ᠭᠡᠵᠦ ᠠᠵᠤ ᠠᠬᠤᠢ ᠶᠢᠨ ᠡᠳᠦᠷ ᠤᠨ ᠰᠣᠨᠢᠨ ᠤ ᠥᠪᠥᠷ ᠮᠣᠩᠭᠤᠯ ᠳᠤ ᠰᠠᠭᠤᠭ᠎ᠠ ᠰᠤᠷᠪᠤᠯᠵᠢᠯᠠᠭᠴᠢ ᠶᠢᠨ ᠦᠷᠳᠡᠭᠡ ᠶᠢᠨ ᠰᠤᠷᠪᠤᠯᠵᠢᠯᠠᠭᠴᠢ ᠢᠦᠢ ᠵᠢᠶᠠᠨ ᠬᠡᠯᠡᠪᠡ᠃      ᠥᠪᠥᠷ ᠮᠣᠩᠭᠤᠯ ᠤᠨ ᠵᠢᠵᠢᠭ ᠭᠤᠷᠪᠠᠨ ᠱᠤᠭᠤᠮ ᠤᠨ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠤᠨ ᠳᠤᠷᠠᠰᠬᠠᠯ ᠤᠨ ᠣᠷᠳᠣᠨ ᠳᠤ᠂ ᠰᠣᠷᠪᠤᠯᠵᠢᠯᠠᠭ᠎ᠠ ᠶᠢᠨ ᠪᠦᠯᠬᠦᠮ ᠤᠨ ᠬᠢᠨ ᠶᠠᠪᠤᠬᠤ ᠶᠢᠨ ᠲᠠᠭᠠᠣ ᠦᠵᠡᠵᠦ᠂ ᠦᠵᠡᠬᠦ  ᠶᠢᠨ ᠲᠠᠭᠠᠤ ᠰᠤᠷᠪᠤᠯᠵᠢᠯᠠᠪᠠ᠃ ︽ᠳᠤᠷᠠᠰᠬᠠᠯ ᠤᠨ ᠣᠷᠳᠣᠨ ᠳᠤ ᠳᠡᠯᠭᠡᠨ ᠦᠵᠡᠭᠦᠯᠦᠭᠰᠡᠨ ᠬᠠᠭᠤᠴᠢᠨ ᠭᠡᠷᠡᠯ ᠵᠢᠷᠤᠭ᠂ ᠬᠠᠭᠤᠴᠢᠨ ᠡᠳ᠋ ᠪᠣᠳᠠᠰ ᠢ ᠲᠣᠭᠤᠷᠢᠨ ᠦᠵᠡᠬᠦ ᠪᠠᠷ ᠳᠠᠮᠵᠢᠨ᠂ ᠪᠢ ᠲᠤᠬᠠᠢ ᠶᠢᠨ ᠦᠶ᠎ᠡ ᠶᠢᠨ ᠥᠪᠡᠷᠮᠢᠴᠡ ᠣᠨᠴᠠᠯᠢᠭ ᠲᠠᠢ ᠲᠡᠦᠬᠡ ᠰᠣᠶᠣᠯ ᠪᠣᠯᠣᠨ ᠭᠠᠵᠠᠷ ᠣᠷᠣᠨ ᠤ ᠰᠣᠶᠣᠯ ᠢ ᠣᠯᠵᠤ ᠬᠠᠷᠠᠪᠠ᠂ ︿ᠵᠢᠵᠢᠭ ᠭᠤᠷᠪᠠᠨ ᠱᠤᠭᠤᠮ﹀ ᠤᠨ ᠴᠡᠷᠢᠭ ᠤᠨ ᠠᠵᠤ ᠦᠢᠯᠡᠳᠪᠦᠷᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠭᠡᠷᠡᠯ ᠰᠠᠴᠤᠷᠠᠩᠭᠤᠢ ᠥᠩᠭᠡᠷᠡᠯᠲᠡ ᠵᠢᠴᠢ ︿ᠵᠢᠵᠢᠭ ᠭᠤᠷᠪᠠᠨ ᠱᠤᠭᠤᠮ﹀ ᠤᠨ ᠪᠦᠲᠦᠭᠡᠨ ᠪᠠᠶᠢᠭᠤᠯᠤᠭᠴᠢᠳ ᠤᠨ ᠬᠠᠲᠠᠭᠤᠵᠢᠯᠲᠠᠢ ᠪᠠᠷ ᠦᠢᠯᠡᠰ ᠪᠣᠰᠬᠠᠬᠤ ᠣᠷᠭᠢᠯᠤᠮ᠎ᠠ ᠬᠠᠯᠠᠭᠤᠨ ᠰᠡᠳᠬᠢᠯᠭᠡ ᠲᠠᠢ ᠣᠨ ᠰᠠᠷ᠎ᠠ ᠶᠢᠨ ᠲᠤᠬᠠᠢ ᠨᠡᠩ ᠭᠦᠨᠵᠡᠭᠡᠢ ᠲᠠᠨᠢᠯᠲᠠ ᠲᠠᠢ ᠪᠣᠯᠪᠠ᠂ ᠵᠠᠯᠭᠠᠭᠠᠳ ᠪᠢ ︿ᠵᠢᠵᠢᠭ ᠭᠤᠷᠪᠠᠨ ᠱᠤᠭᠤᠮ﹀ ᠤᠨ ᠬᠥᠮᠥᠰ ᠤᠨ ᠰᠡᠳᠬᠢᠯ ᠢ ᠬᠥᠳᠡᠯᠭᠡᠮ᠎ᠡ ᠦᠯᠢᠭᠡᠷ ᠢ ᠨᠡᠩ ᠤᠯᠠᠨ ᠰᠦᠯᠵᠢᠶᠡᠨ ᠨᠠᠶᠢᠵᠠ ᠨᠠᠷ ᠲᠤ ᠤᠯᠠᠮᠵᠢᠯᠠᠨ᠎ᠠ︾ ᠭᠡᠵᠦ ᠠᠷᠠᠳ ᠤᠨ ᠰᠦᠯᠵᠢᠶ᠎ᠡ ᠶᠢᠨ ᠥᠪᠥᠷ ᠮᠣᠩᠭᠤᠯ ᠤᠨ ᠰᠤᠪᠠᠭ ᠤᠨ ᠰᠤᠷᠪᠤᠯᠵᠢᠯᠠᠭᠴᠢ ᠯᠢᠦ ᠢ ᠯᠢᠨ ᠬᠡᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号