ᠲᠠᠩ ᠢ ᠬᠠᠶᠢᠨᠠᠨ ᠲᠣᠭᠤᠷᠢᠭ ᠲᠤ ᠬᠦᠷᠴᠦ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/3/29
     3 ᠰᠠᠷ᠎ᠠ ᠶᠢᠨ 28 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠨᠠᠨ ᠲᠣᠭᠤᠷᠢᠭ ᠲᠤ ᠬᠦᠷᠴᠦ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠬᠢᠨᠠᠨ ᠵᠢᠯᠣᠭᠤᠳᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠣᠣ᠂ ᠸᠠᠩ ᠵᠢᠢ ᠫᠢᠩ ᠣᠷᠣᠯᠴᠠᠪᠡ᠃

     ᠲᠠᠩ ᠢ ᠤᠷᠢᠳ ᠬᠤᠵᠢᠳ ᠳ᠋ᠢᠩ ᠯᠢ ᠺᠠᠯᠼ ᠤᠨ ᠦᠢᠯᠡᠰ ᠤᠨ ᠺᠣᠮᠫᠠᠨᠢ᠂ ᠰᠢᠨ ᠽᠧ ᠠᠵᠤ ᠦᠢᠯᠡᠳᠪᠦᠷᠢ

ᠠᠷᠠᠯᠵᠢᠶᠠᠨ ᠤ ᠺᠣᠮᠫᠠᠨᠢ ᠳᠤ ᠬᠦᠷᠴᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠵᠠᠰᠠᠯᠲᠠ᠂

ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠡᠵᠡᠯᠡᠨ ᠬᠡᠷᠡᠭᠯᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ

ᠠᠬᠢᠴᠠ ᠶᠢᠨ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠠᠮᠢ ᠠᠬᠤᠢ

ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ

ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠪᠣᠯ ᠴᠢᠬᠤᠯᠠ ᠶᠡᠭᠡ ᠤᠯᠤᠰ ᠲᠦᠷᠦ ᠶᠢᠨ ᠡᠭᠦᠷᠭᠡ᠂ ᠴᠢᠬᠤᠯᠠ

ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠴᠢᠬᠤᠯᠠ ᠶᠡᠭᠡ ᠬᠥᠭᠵᠢᠯᠲᠡ ᠶᠢᠨ ᠠᠰᠠᠭᠤᠳᠠᠯ ᠪᠣᠯᠣᠨ᠎ᠠ᠂ ᠡᠷᠬᠡᠪᠰᠢ

ᠡᠷᠡᠰ ᠰᠢᠭᠤᠷᠬᠠᠢ ᠣᠪᠣᠷ ᠲᠠᠢ᠂ ᠬᠦᠴᠦᠲᠡᠢ ᠠᠵᠢᠯᠯᠠᠭ᠎ᠠ ᠠᠪᠬᠤ ᠬᠡᠷᠡᠭᠲᠡᠢ᠃ ᠡᠯ᠎ᠡ ᠲᠤᠭᠤᠷᠢᠭ᠂ ᠡᠯ᠎ᠡ ᠬᠤᠯᠪᠣᠭᠳᠠᠯ

ᠪᠦᠬᠦᠢ ᠰᠠᠯᠠᠭ᠎ᠠ ᠮᠥᠴᠢᠷ ᠤᠨ ᠬᠢᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ

ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ︽ᠣᠯᠣᠰ ᠤᠨ ᠶᠡᠭᠡ ᠶᠠᠪᠤᠳᠠᠯ︾ ᠢ ᠢᠮᠠᠭᠲᠠ ᠪᠠᠲᠤ ᠴᠡᠭᠡᠵᠢᠯᠡᠵᠦ᠂

ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠬᠠᠲᠠᠭᠤ ᠴᠢᠩᠭ᠎ᠠ ᠠᠷᠭ᠎ᠠ ᠬᠡᠮᠵᠢᠶ᠎ᠡ ᠠᠪᠴᠤ᠂ ᠬᠠᠷᠢᠭᠤ

ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠡᠷᠡ ᠬᠡᠪ ᠢᠶᠠᠷ ᠨᠢ ᠪᠣᠳᠠᠲᠠᠢ ᠠᠳᠬᠤᠵᠤ᠂

ᠠᠰᠠᠭᠤᠳᠠᠯ ᠢ ᠪᠥᠬᠦ ᠲᠠᠯ᠎ᠠ ᠪᠠᠷ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃

ᠬᠠᠷᠢᠭᠤᠴᠠᠯᠭ᠎ᠠ ᠪᠠᠨ ᠪᠠᠲᠤ ᠰᠠᠬᠢᠵᠤ᠂ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠬᠠᠷᠢᠶ᠎ᠠ ᠭᠠᠵᠠᠷ ᠤᠨ

ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ

ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠡᠷᠴᠢᠮ ᠢᠶᠠᠨ

ᠴᠢᠩᠭᠠᠷᠠᠭᠤᠯᠵᠤ᠂ ᠳᠤᠷ᠎ᠠ ᠪᠠᠷ ᠢᠶᠠᠨ ᠮᠠᠯᠲᠠᠬᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠡᠵᠡᠯᠡᠬᠦ ᠪᠠ ᠡᠪᠳᠡᠬᠦ

ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠨᠢᠭᠡ ᠶᠢ

ᠢᠯᠡᠷᠡᠭᠦᠯᠪᠡᠯ ᠨᠢᠭᠡ ᠳᠤ ᠴᠣᠬᠢᠯᠲᠠ ᠥᠭᠬᠦ︾ ᠶᠢ ᠪᠡᠶᠡᠯᠡᠭᠦᠯᠵᠦ᠂ ᠬᠦᠴᠦᠲᠡᠢ ᠰᠦᠷᠳᠡᠭᠦᠯᠦᠯ ᠢ ᠪᠣᠶ ᠪᠣᠯᠭᠠᠵᠤ᠂

ᠡᠶᠢᠮᠦᠷᠬᠦ ᠠᠰᠠᠭᠤᠳᠠᠯ ᠤᠨ ᠳᠠᠬᠢᠨ ᠡᠭᠦᠰᠬᠦ ᠶᠢ ᠡᠷᠡᠰ ᠬᠤᠷᠢᠭᠯᠠᠬᠤ ᠬᠡᠷᠡᠭᠲᠡᠢ᠃ ᠠᠭᠤᠷᠬᠠᠢ ᠶᠢᠨ ᠪᠦᠲᠦᠭᠡᠨ

ᠪᠠᠶᠢᠭᠤᠯᠤᠯᠲᠠ ᠶᠢᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ

ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠢᠯᠡᠳᠪᠦᠷᠢᠯᠡᠯ ᠤᠨ ᠪᠥᠬᠦ ᠶᠠᠪᠤᠴᠠ ᠶᠢᠨ ᠬᠠᠮᠢᠶᠠᠷᠤᠯᠲᠠ ᠪᠠᠨ

ᠴᠢᠩᠭᠠᠳᠬᠠᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢᠶᠠᠨ ᠯᠠᠪᠳᠠᠭᠤᠨ

ᠪᠠᠲᠤᠲᠠᠢ ᠰᠠᠶᠢᠲᠤᠷ ᠬᠢᠵᠦ᠂ ᠠᠭᠤᠷᠬᠠᠢ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ

ᠰᠠᠶᠢᠵᠢᠷᠠᠭᠤᠯᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠪᠠᠨ ᠪᠠᠲᠤ ᠬᠠᠩᠳᠠᠬᠤ ᠬᠡᠷᠡᠭᠳᠡᠢ

ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号