ᠭᠠᠨᠳᠠᠷᠢ ᠠᠭᠤᠯᠠᠨ ᠤ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠤᠷᠤᠨ
ᠨᠡᠶᠢᠲᠡᠯᠡᠭᠰᠡᠨ ᠴᠠᠭ᠄
2024/3/5
     ᠭᠠᠨᠳᠠᠷᠢ ᠠᠭᠤᠯᠠᠨ ᠤ ᠠᠮᠢ ᠠᠬᠤᠢ ᠶᠢᠨ ᠪᠤᠯᠪᠠᠰᠣᠨ ᠦᠵᠡᠮᠵᠢ ᠶᠢᠨ ᠣᠷᠣᠨ ᠨᠢ ᠦᠬᠠᠢ ᠬᠤᠳᠠ ᠶᠢᠨ ᠰᠢᠳᠢᠲᠤ ᠠᠭᠤᠯᠠ— ᠭᠠᠨᠳᠠᠷᠢ ᠠᠭᠤᠯᠠᠨ ᠳᠤ ᠪᠤᠢ᠃ ᠦᠬᠠᠢ ᠬᠤᠳᠠ ᠶᠢᠨ ᠭᠤᠷᠪᠠᠨ ᠲᠤᠭᠤᠷᠢᠭ ᠤᠨ ᠲᠦᠪ ᠬᠡᠰᠡᠭ  ᠲᠤ ᠪᠠᠶᠢᠷᠢᠯᠠᠵᠤ᠂ ᠪᠠᠷᠤᠭ 20 ᠲᠡᠭᠰᠢ ᠲᠦᠷᠪᠡᠯᠵᠢᠨ ᠺᠢᠯᠤᠮᠧᠲᠷ ᠤᠨ ᠬᠡᠪᠴᠢᠶ᠎ᠡ ᠲᠠᠢ ᠪᠠᠶᠢᠵᠦ᠂ ᠭᠤᠤᠯ ᠪᠤᠯᠬᠤ ᠪᠠᠷᠢᠯᠭ᠎ᠠ ᠪᠤᠯ 88.95 ᠮᠧᠲᠷ ᠦᠨᠳᠦᠷ ᠴᠢᠩᠭᠢᠰ ᠬᠠᠭᠠᠨ ᠤ ᠬᠦᠷᠦᠭ ᠪᠤᠯᠤᠨ᠎ᠠ᠂ ᠲᠡᠷᠡ ᠨᠢ ᠲᠠᠯᠠᠢ ᠶᠢᠨ ᠲᠦᠪᠰᠢᠨ ᠠᠴᠠ ᠲᠡᠭᠡᠭᠰᠢ 1805 ᠮᠧᠲᠷ ᠪᠤᠯᠬᠤ ᠭᠠᠨᠳᠠᠷᠢ ᠠᠭᠤᠯᠠᠨ ᠤ ᠭᠤᠤᠯ ᠤᠷᠬᠢᠯ ᠳᠤ ᠰᠠᠭᠤᠷᠢᠰᠢᠵᠦ᠂ ᠶᠠᠭ ᠦᠬᠠᠢ ᠬᠤᠳᠠ ᠶᠢᠨ ᠲᠦᠪ ᠬᠡᠰᠡᠭ ᠲᠤ ᠪᠠᠶᠢᠷᠢᠯᠠᠵᠤ᠂ ᠠᠤᠭ᠎ᠠ ᠰᠦᠷᠯᠢᠭ ᠬᠠᠷᠠᠴᠠ ᠪᠠᠷ ᠦᠬᠠᠢ ᠶᠢ ᠪᠠᠷᠠᠭᠠᠯᠠᠵᠤ ᠪᠠᠶᠢᠳᠠᠭ᠃ ᠬᠦᠷᠦᠭ ᠤᠨ ᠲᠤᠲᠤᠭᠠᠲᠤ ᠬᠡᠰᠡᠭ ᠢ ᠦᠬᠠᠢ ᠶᠢᠨ ᠮᠦᠽᠸᠢ ᠪᠤᠯᠭᠠᠬᠤ ᠪᠠᠷ ᠲᠦᠯᠦᠪᠵᠢᠭᠦᠯᠵᠦ ᠪᠤᠢ᠃ ᠦᠵᠡᠮᠵᠢ ᠶᠢᠨ ᠣᠷᠣᠨ ᠤ ᠲᠦᠯᠦᠪᠵᠢᠬᠦᠯᠭᠡ ᠶᠢ 3 ᠴᠢᠳᠠᠮᠵᠢ ᠶᠢᠨ ᠤᠷᠤᠨ ᠬᠤᠪᠢᠶᠠᠪᠠ᠄ ᠲᠠᠷᠣᠢ ᠠᠭᠤᠯᠠᠷᠬᠠᠭ ᠣᠷᠣᠨ ᠤ ᠰᠡᠯᠡᠭᠦᠴᠡᠨ ᠵᠤᠭᠠᠴᠠᠬᠤ ᠣᠷᠣᠨ᠂ ᠵᠡᠬᠦᠨ ᠬᠡᠰᠡᠭ ᠤᠨ ᠨᠤᠴᠣᠭᠠᠨ᠎ᠠ ᠶᠢᠨ ᠠᠮᠢ ᠠᠬᠤᠢ ᠶᠢᠨ ᠣᠷᠣᠨ᠂ ᠪᠠᠷᠠᠭᠤᠨ ᠬᠡᠰᠡᠭ ᠤᠨ ᠡᠯᠡᠰᠦᠨ ᠴᠦᠯ ᠲᠠᠯ᠎ᠠ ᠨᠤᠲᠤᠭ ᠤᠨ ᠠᠮᠢ ᠠᠬᠤᠢ ᠶᠢᠨ ᠣᠷᠣᠨ ᠪᠤᠯᠤᠨ᠎ᠠ᠂ ᠡᠨᠡ ᠨᠢ ᠭᠠᠨᠳᠠᠷᠢ ᠠᠭᠤᠯᠠᠨ ᠤ ᠤᠨᠴᠠᠭᠠᠢ ᠦᠵᠡᠮᠵᠢ ᠶᠢᠨ ᠭᠠᠵᠠᠷ ᠤᠨ ᠭᠠᠳᠠᠷᠭᠤ ᠶᠢ ᠬᠠᠮᠠᠭᠠᠯᠠᠭᠰᠠᠨ ᠢᠶᠠᠷ ᠪᠠᠷᠠᠬᠤ ᠦᠭᠡᠢ ᠦᠵᠡᠮᠵᠢ  ᠶᠢᠨ ᠤᠷᠤᠨ ᠤ ᠡᠯ᠎ᠡ ᠵᠦᠢᠯ ᠤᠨ ᠡᠬᠢ ᠪᠠᠶᠠᠯᠢᠭ ᠢ ᠨᠢᠭᠡᠳᠦᠬᠦᠯᠵᠦ᠂ ᠠᠭᠤᠯᠠ᠂ ᠣᠰᠣ᠂ ᠲᠠᠯ᠎ᠠ ᠨᠤᠲᠤᠭ᠂ ᠡᠯᠡᠰᠦᠨ ᠴᠦᠯ᠂ ᠬᠠᠲᠤᠨ ᠭᠤᠤᠯ ᠤᠨ ᠶᠡᠭᠡ ᠬᠠᠰᠢᠯᠭ᠎ᠠ ᠵᠡᠷᠭᠡ ᠭᠤᠤᠯ ᠪᠤᠯᠬᠤ ᠦᠵᠡᠮᠵᠢ ᠶᠢ ᠤᠷᠭᠠᠨᠢᠭ ᠢᠶᠠᠷ ᠵᠤᠬᠢᠴᠠᠭᠤᠯᠵᠤ᠂ ᠪᠠᠶᠢᠭᠤᠯᠭᠳᠠᠵᠤ ᠲᠡᠭᠦᠰᠦᠭᠰᠡᠨ ᠤ ᠲᠠᠷᠠᠭ᠎ᠠ ᠵᠢᠭᠤᠯᠴᠢᠯᠠᠯ᠂ ᠰᠡᠯᠡᠭᠦᠴᠡᠯ ᠢ ᠨᠢᠭᠡᠳᠦᠭᠦᠯᠦᠭᠰᠡᠨ ᠲᠤᠮᠤ ᠬᠡᠯᠪᠡᠷᠢ ᠶᠢᠨ ᠶᠠᠷᠦᠩᠬᠡᠶᠢᠯᠡᠭᠰᠡᠨ ᠠᠮᠢ ᠠᠬᠤᠢ ᠶᠢᠨ ᠦᠵᠡᠮᠵᠢ ᠶᠢᠨ ᠤᠷᠤᠨ ᠪᠤᠯᠬᠤ ᠶᠤᠮ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号