ᠮᠠᠨ ᠤ ᠬᠤᠲᠠ ᠶᠢᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠶᠠᠳᠤᠭᠠᠷ ᠤᠳᠠᠭᠠᠨ ᠤ ᠲᠤᠰᠬᠠᠢ ᠰᠡᠳᠦᠪᠲᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/6
     3 ᠰᠠᠷ᠎ᠠ ᠶᠢᠨ 4 ᠤ ᠡᠳᠦᠷ᠂ ᠮᠠᠨ ᠤ ᠬᠤᠳᠠ ᠶᠢᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠶᠠᠳᠤᠭᠠᠷ ᠣᠳᠠᠭᠠᠨ  ᠤ ᠲᠤᠰᠬᠠᠢ ᠰᠡᠳᠦᠪᠲᠦ ᠬᠤᠷᠠᠯ ᠬᠤᠷᠠᠯᠳᠤᠵᠤ᠂ ᠡᠯ᠎ᠡ ᠲᠤᠰᠬᠠᠢ ᠳᠤᠭᠤᠶᠢᠯᠠᠩ ᠤᠨ ᠲᠠᠪᠤᠨ ᠶᠡᠭᠡ ᠡᠭᠦᠷᠭᠡ ᠶᠢ ᠬᠡᠷᠡᠭᠵᠢᠭᠦᠯᠬᠦ ᠲᠥᠰᠥᠯ ︵ᠵᠠᠰᠠᠪᠤᠷᠢ ᠣᠷᠣᠭᠤᠯᠤᠭᠰᠠᠨ ᠨᠣᠣᠷᠠᠭ︶ ᠵᠢᠴᠢ 2024 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢᠨ ᠬᠠᠷᠢᠭᠤ ᠮᠡᠳᠡᠬᠦᠯᠦᠯᠳᠡ ᠶᠢ ᠰᠣᠨᠣᠰᠴᠤ᠂ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠡ᠃      ᠰᠦᠨ ᠬᠤᠤ ᠬᠡᠯᠡᠭᠰᠡᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠲᠣᠭᠲᠠᠭᠰᠠᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠬᠦᠴᠦᠲᠡᠢ ᠠᠬᠢᠭᠤᠯᠬᠤ ᠬᠡᠷᠡᠭᠲᠡᠢ᠃ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠳᠤ ᠮᠠᠨ ᠤ ᠬᠤᠲᠠ ᠳᠤ ᠬᠤᠯᠪᠣᠭᠳᠠᠭᠰᠠᠨ ︽ᠳᠥᠷᠪᠡᠨ ᠵᠦᠢᠯ ᠤᠨ ᠭᠤᠣᠯᠳᠠᠯᠭ᠎ᠠ ᠲᠠᠢ ᠠᠵᠢᠯ︾ ᠪᠠ ᠪᠥᠬᠦ ᠬᠤᠲᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠲᠠᠪᠤᠨ ᠶᠡᠭᠡ ᠡᠭᠦᠷᠭᠡ ᠶᠢ ᠬᠡᠷᠡᠭᠵᠢᠭᠦᠯᠬᠦ ᠲᠥᠰᠥᠯ ᠳᠤ ᠣᠷᠣᠭᠤᠯᠵᠤ᠂ ᠦᠵᠦ ᠲᠥᠯᠥᠪᠯᠡᠭᠡ ᠪᠠᠨ ᠴᠢᠩᠭᠠᠳᠬᠠᠨ᠂ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃ ᠲᠥᠰᠥᠯ ᠳᠤ ᠵᠠᠰᠠᠪᠤᠷᠢ ᠣᠷᠣᠭᠤᠯᠬᠤ ᠳᠠᠭᠠᠨ ᠦᠭᠡ ᠦᠰᠦᠭ ᠢ ᠴᠣᠮᠬᠠᠳᠬᠠᠬᠤ ᠪᠠ ᠳᠠᠪᠲᠠᠨ ᠪᠣᠯᠪᠠᠰᠤᠷᠠᠭᠤᠯᠬᠤ ᠶᠢ ᠠᠩᠬᠠᠷᠴᠤ᠂ ᠦᠭᠡ ᠨᠢ ᠲᠣᠪᠴᠢ ᠤᠳᠬ᠎ᠠ  ᠨᠢ ᠲᠡᠭᠦᠯᠳᠡᠷ ᠪᠠᠶᠢᠵᠤ᠂ ᠭᠤᠣᠯ ᠵᠣᠷᠢᠯᠲᠠ ᠪᠠᠨ ᠲᠤᠪᠤᠶᠢᠯᠭᠠᠬᠤ ᠬᠡᠷᠡᠭᠲᠡᠢ᠃ ᠡᠭᠦᠷᠭᠡ ᠬᠠᠷᠠᠯᠲᠠ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠭᠲᠠ ᠠᠩᠬᠠᠷᠴᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠂ ᠦᠷ᠎ᠡ ᠳ᠋ᠦᠩ ᠢ ᠬᠠᠷᠢᠭᠤ ᠲᠤᠰᠬᠠᠬᠤ ᠲᠣᠭᠲᠠᠴᠠ ᠪᠠᠨ ᠲᠡᠭᠦᠯᠳᠡᠷᠵᠢᠭᠦᠯᠦᠨ᠂ ᠠᠵᠢᠯ ᠤᠨ ᠬᠠᠷᠠᠯᠲᠠ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠪᠡᠶᠡᠯᠡᠭᠦᠯᠬᠦ ᠴᠠᠭ ᠬᠤᠭᠤᠴᠠᠭ᠎ᠠ ᠪᠠᠨ ᠲᠣᠳᠣᠷᠬᠠᠶᠢᠯᠠᠨ᠂ ᠡᠮᠬᠢ ᠳᠠᠷᠠᠭᠠᠯᠠᠯ ᠲᠠᠢ ᠠᠬᠢᠭᠤᠯᠬᠤ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠢᠶᠠᠨ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号