ᠮᠠᠨ ᠤ ᠬᠤᠲᠠ ᠶᠢᠨ ᠦᠨᠳᠦᠰᠦᠨ ᠱᠠᠲᠤᠨ ᠤ ᠣᠨᠣᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠪᠡᠷᠲᠡᠭᠡᠨ ᠵᠠᠰᠠᠬᠤ ᠣᠷᠣᠨ ᠤ ᠬᠥᠬᠢᠭᠦᠯᠦᠯ ᠢ ᠬᠦᠷᠳᠡᠪᠡ
ᠨᠡᠶᠢᠲᠡᠯᠡᠭᠰᠡᠨ ᠴᠠᠭ᠄
2024/3/7
   ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︽2023 ᠣᠨ ᠤ ᠦᠨᠳᠦᠰᠦᠨ ᠱᠠᠲᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ ᠵᠢᠱᠢᠶ᠎ᠡ ᠦᠵᠡᠬᠦᠯᠦᠭᠰᠡᠨ ︿ᠰᠤᠷᠤᠯᠴᠠᠯᠭ᠎ᠠ‌‍ᠶᠢᠨ ᠬᠢᠴᠢᠶᠡᠯ ᠤᠨ ᠲᠠᠩᠬᠢᠮ﹀᠂ ᠲᠡᠷᠢᠭᠦᠨ ᠤ ᠬᠠᠮᠲᠤ᠂ ᠲᠡᠷᠢᠭᠦᠨ ᠤ ᠬᠤᠪᠢ ᠬᠥᠮᠥᠨ ᠪᠣᠯᠣᠨ ᠰᠢᠯᠢᠳᠡᠭ ᠤᠨᠤᠯ‌‍ᠤᠨ ᠤᠬᠠᠭᠤᠯᠤᠨ ᠲᠠᠶᠢᠯᠪᠤᠷᠢᠯᠠᠬᠤ ᠢᠯᠡᠳᠭᠡᠯ᠂ ᠪᠢᠴᠢᠯ ᠸᠢᠳᠢᠤ᠋ ᠶᠢ ᠬᠥᠬᠢᠭᠦᠯᠦᠨ ᠰᠠᠶᠢᠰᠢᠶᠠᠬᠤ ᠲᠤᠬᠠᠢ ᠲᠣᠭᠲᠠᠭᠠᠯ︾ ᠢ ᠳᠠᠷᠤᠮᠠᠯᠯᠠᠨ ᠲᠠᠷᠬᠠᠭᠠᠵᠤ᠂ ᠮᠠᠨ ᠤ ᠬᠤᠳᠠ ᠶᠢᠨ 2 ︽ᠰᠤᠷᠤᠯᠴᠠᠯᠭ᠎ᠠ‌‍ᠶᠢᠨ ᠬᠢᠴᠢᠶᠡᠯ ᠤᠨ ᠲᠠᠩᠬᠢᠮ︾᠂ 2 ᠦᠨᠳᠦᠰᠦᠨ ᠱᠠᠲᠤᠨ ᠤ ᠤᠨᠤᠯ‌‍ᠤᠨ ᠤᠬᠠᠭᠤᠯᠤᠨ ᠲᠠᠶᠢᠯᠪᠤᠷᠢᠯᠠᠬᠤ ᠬᠠᠮᠲᠤ ᠪᠣᠯᠣᠨ 2 ᠦᠨᠳᠦᠰᠦᠨ ᠱᠠᠲᠤᠨ ᠤ ᠤᠨᠤᠯ‌‍ᠤᠨ ᠤᠬᠠᠭᠤᠯᠤᠨ ᠲᠠᠶᠢᠯᠪᠤᠷᠢᠯᠠᠬᠤ ᠬᠤᠪᠢ ᠬᠥᠮᠥᠨ ᠬᠥᠬᠢᠭᠦᠯᠦᠨ ᠰᠠᠶᠢᠰᠢᠶᠠᠭᠳᠠᠪᠠ᠃    ᠮᠠᠨ ᠤ ᠬᠤᠳᠠ ᠶᠢᠨ ᠮᠡᠳᠡᠭᠦᠯᠦᠨ ᠬᠦᠷᠭᠡᠭᠰᠡᠨ ᠤᠳᠠ ᠲᠣᠭᠤᠷᠢᠭ ᠤᠨ ᠰᠣᠬᠠᠶᠢᠲᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ︽ᠤᠯᠠᠭᠠᠨ ᠪᠤᠷᠭᠠᠰᠤᠨ ᠤ ᠪᠢᠴᠢᠯ ᠬᠢᠴᠢᠶᠡᠯ ᠤᠨ ᠲᠠᠩᠬᠢᠮ︾᠂ ᠵᠢᠶᠠᠩ ᠬᠦᠢ ᡁᠢ ᠶᠢᠨ ᠤᠨᠤᠯ ᠢ ᠤᠬᠠᠭᠤᠯᠤᠨ ᠲᠠᠶᠢᠯᠪᠤᠷᠢᠯᠠᠬᠤ ᠠᠵᠢᠯ ᠤᠨ ᠲᠠᠰᠤᠭ ᠤᠨ ᠠᠵᠢᠯᠲᠠᠨ ᠤ ᠬᠢᠴᠢᠶᠡᠯ ᠤᠨ ᠲᠠᠩᠬᠢᠮ ᠨᠢ ᠦᠨᠳᠦᠰᠦᠨ ᠱᠠᠲᠤᠨ ᠤ ᠤᠨᠤᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠳᠤ ᠵᠢᠱᠢᠶ᠎ᠡ ᠦᠵᠡᠬᠦᠯᠦᠭᠰᠡᠨ ︽ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ︾ ᠤᠨ ᠢᠷᠠᠭᠤ ᠠᠯᠳᠠᠷ ᠢ ᠬᠦᠷᠳᠡᠪᠡ︔ ᠬᠠᠶᠢᠨᠠᠨ ᠲᠣᠭᠤᠷᠢᠭ ᠤᠨ ︽ᠠᠨᠠᠷ ᠤᠨ ᠴᠡᠴᠡᠭ ᠢ ᠭᠠᠵᠠᠷ ᠰᠠᠢ ᠦᠭᠡᠢ ᠲᠡᠯᠭᠡᠷᠡᠬᠦᠯᠦᠶ᠎ᠡ︾ ᠤᠬᠠᠭᠤᠯᠤᠨ ᠲᠠᠶᠢᠯᠪᠤᠷᠢᠯᠠᠬᠤ ᠠᠩᠭᠢ᠂ ᠬᠠᠶᠢᠷᠤᠪ ᠤᠨ ᠲᠣᠬᠤᠢ ᠲᠣᠭᠤᠷᠢᠭ ᠤᠨ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ︽ᠤᠯᠠᠭᠠᠨ ᠠᠨᠠᠷ︾ ᠤᠬᠠᠭᠤᠯᠤᠨ ᠲᠠᠶᠢᠯᠪᠤᠷᠢᠯᠠᠬᠤ ᠪᠦᠯᠬᠦᠮ ᠦᠨᠳᠦᠰᠦᠨ ᠱᠠᠲᠤᠨ ᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠲᠡᠷᠢᠭᠦᠨ ᠤ ᠬᠠᠮᠲᠤ  ᠶᠢᠨ ᠢᠷᠠᠭᠤ ᠠᠯᠳᠠᠷ ᠢ ᠬᠦᠷᠲᠡᠪᠡ︔ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠰᠠᠭᠤᠷᠢ ᠤᠨᠤᠯ ᠤᠨ ᠵᠢᠭᠠᠨ ᠰᠤᠳᠤᠯᠬᠤ ᠲᠠᠰᠤᠭ ᠤᠨ ᠯᠧᠺᠲ᠋ᠣᠷ ᠵᠠᠩ ᠢᠦᠢ ᠸᠧᠢ᠂ ᠬᠠᠶᠢᠨᠠᠨ ᠲᠣᠭᠤᠷᠢᠭ ᠤᠨ ᠤᠳᠬ᠎ᠠ ᠤᠷᠠᠯᠢᠭ ᠤᠨ ᠬᠤᠯᠪᠤᠭᠠᠲᠤ ᠬᠤᠷᠠᠯ ᠤᠨ ᠳᠡᠳ᠋ ᠲᠡᠷᠢᠭᠦᠯᠡᠭᠴᠢ ᠵᠠᠩ ᠵᠢᠩ ᠿᠦᠩ ᠦᠨᠳᠦᠰᠦᠨ ᠱᠠᠲᠤᠨ ᠤ ᠤᠨᠤᠯ ᠢ ᠤᠬᠠᠭᠤᠯᠤᠨ ᠲᠠᠶᠢᠯᠪᠤᠷᠢᠯᠠᠬᠤ ᠲᠡᠷᠢᠭᠦᠨ ᠤ ᠬᠤᠪᠢ ᠬᠥᠮᠥᠨ ᠤ ᠢᠷᠠᠭᠤ ᠠᠯᠳᠠᠷ ᠢ ᠬᠦᠷᠲᠡᠪᠡ᠃    ᠣᠶᠢᠷ᠎ᠠ ᠶᠢᠨ ᠵᠢᠯ ᠠᠴᠠ ᠨᠠᠰᠢ᠂ ᠪᠦᠬᠦ ᠬᠤᠳᠠ ᠶᠢᠨ ᠤᠨᠤᠯ ᠢ ᠤᠬᠠᠭᠤᠯᠤᠨ ᠲᠠᠶᠢᠯᠪᠤᠷᠢᠯᠠᠬᠤ ᠠᠵᠢᠯᠲᠠᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ‌‍ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠲᠤᠪᠤᠶᠢᠯᠭᠠᠵᠤ᠂ ᠦᠨᠳᠦᠰᠦᠨ ᠱᠠᠲᠤᠨ ᠤ ᠤᠨᠤᠯ ᠢ ᠤᠬᠠᠭᠤᠯᠤᠨ ᠲᠠᠶᠢᠯᠪᠤᠷᠢᠯᠠᠬᠤ ᠢᠯᠡᠳᠬᠡᠬᠦ ᠠᠷᠭ᠎ᠠ ᠬᠡᠯᠪᠡᠷᠢ ᠪᠣᠯᠣᠨ ᠤᠯᠠᠮᠵᠢᠯᠠᠬᠤ ᠠᠷᠭ᠎ᠠ ᠪᠠᠷᠢᠯ ᠤᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠨᠢᠭᠡ ᠪᠦᠯᠦᠭ ᠤᠷᠳᠤ ᠬᠤᠭᠤᠴᠠᠭ᠎ᠠ ᠪᠠᠷ ᠦᠨᠳᠦᠰᠦᠨ ᠱᠠᠲᠤᠨ ᠳᠤ ᠦᠨᠳᠦᠰᠦᠯᠡᠭᠰᠡᠨ᠂ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠦᠭᠰᠡᠨ᠂ ᠲᠣᠪᠣᠶᠢᠮ᠎ᠠ ᠠᠮᠵᠢᠯᠲᠠ ᠲᠠᠢ ᠤᠨᠤᠯ ᠢ ᠤᠬᠠᠭᠤᠯᠤᠨ ᠲᠠᠶᠢᠯᠪᠤᠷᠢᠯᠠᠬᠤ ᠲᠡᠷᠢᠭᠦᠨ ᠤ ᠬᠠᠮᠲᠤ ᠪᠣᠯᠣᠨ ᠲᠡᠷᠢᠭᠦᠨ ᠤ ᠬᠤᠪᠢ ᠬᠥᠮᠥᠨ ᠴᠣᠯᠭᠤᠷᠠᠨ ᠭᠠᠷᠴᠤ᠂ ᠦᠨᠳᠦᠰᠦᠨ ᠱᠠᠲᠤᠨ ᠤ ᠤᠬᠠᠭᠤᠯᠤᠨ ᠲᠠᠶᠢᠯᠪᠤᠷᠢᠯᠠᠬᠤ ᠠᠵᠢᠯ ᠤᠨ ᠭᠦᠨᠵᠡᠭᠡᠶᠢᠷᠡᠬᠦ᠂ ᠪᠣᠳᠠᠲᠠᠶᠢᠵᠢᠬᠤ᠂ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠰᠦᠷ ᠳᠠᠯᠠᠶᠢᠴᠠᠲᠠᠢ ᠤᠬᠠᠭᠤᠯᠤᠨ ᠲᠠᠶᠢᠯᠪᠤᠷᠢᠯᠠᠬᠤ ᠬᠦᠴᠦᠨ ᠢ ᠨᠢᠭᠲᠠᠷᠠᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号