ᠪᠦᠬᠦ ᠬᠤᠳᠠ ᠶᠢᠨ ᠰᠢᠶᠠᠨ ᠭᠠᠵᠠᠷ ᠤᠨ ᠲᠡᠰ ᠤᠨ ᠭᠤᠣᠯ ᠤᠳᠤᠷᠢᠳᠬᠤ ᠺᠠᠳ᠋ᠷᠴᠣᠳ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠪᠡ
ᠨᠡᠶᠢᠲᠡᠯᠡᠭᠰᠡᠨ ᠴᠠᠭ᠄
2024/3/7
     3 ᠰᠠᠷ᠎ᠠ ᠶᠢᠨ 6 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠬᠤᠳᠠ ᠶᠢᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠲᠠᠰᠢᠷᠠᠮ ᠢᠶᠠᠷ᠂ ᠪᠦᠬᠦ ᠬᠤᠳᠠ ᠶᠢᠨ ᠰᠢᠶᠠᠨ ᠭᠠᠵᠠᠷ ᠤᠨ ᠲᠡᠰ ᠤᠨ ᠭᠤᠣᠯ ᠤᠳᠤᠷᠢᠳᠬᠤ ᠺᠠᠳ᠋ᠷᠴᠣᠳ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠵᠦ᠂ ᠬᠤᠳᠠ ᠶᠢᠨ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ ᠳᠥᠷᠪᠡᠳᠦᠭᠡᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠡᠷᠭᠢᠯᠡᠵᠦ᠂ ᠬᠤᠲᠠ ᠶᠢᠨ ᠤᠳᠤᠷᠢᠳᠤᠯᠭ᠎ᠠ ᠹᠧᠩ ᠰᠢᠤᠸᠠᠢ ᠲᠤᠸ᠂ ᠸᠠᠩ ᠸᠧᠨ ᠵᠢᠶᠧ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠬᠤᠷᠠᠯ ᠳᠤ ᠣᠷᠣᠯᠴᠠᠪᠡ᠃      ᠲᠠᠩ ᠢ ᠬᠡᠯᠡᠭᠰᠡᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠶᠡᠷᠦᠩᠬᠡᠢ ᠱᠦᠵᠢ ᠶᠠᠮᠠᠷ ᠶᠠᠩᠵᠤ ᠶᠢᠨ ᠬᠥᠭᠵᠢᠯᠲᠡ ᠶᠢ ᠴᠢᠨᠠᠷ ᠰᠠᠶᠢᠲᠠᠢ ᠬᠥᠭᠵᠢᠯᠲᠡ ᠭᠡᠬᠦ᠂ ᠶᠠᠭᠤᠨ ᠳᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠠᠬᠢᠭᠤᠯᠬᠤ ᠵᠡᠷᠭᠡ ᠴᠢᠬᠤᠯᠠ ᠶᠡᠭᠡ ᠠᠰᠠᠭᠤᠳᠠᠯ ᠤᠨ ᠲᠣᠭᠤᠷᠢᠨ ᠳᠤ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠤᠯᠠᠨ ᠴᠢᠬᠤᠯᠠ ᠵᠢᠭᠠᠪᠤᠷᠢ ᠥᠭᠴᠦ᠂ ᠪᠢᠳᠡᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨᠵᠢᠯᠡᠬᠦ ᠤᠬᠠᠭᠠᠨᠴᠢ ᠠᠭᠤᠯᠤᠭᠳᠠᠬᠤᠨ᠂ ᠭᠤᠣᠯ ᠴᠢᠬᠤᠯᠠ ᠠᠭᠤᠯᠭ᠎ᠠ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠠᠨᠢᠬᠤ ᠳᠤ ᠦᠨᠳᠦᠰᠦᠨ ᠵᠢᠷᠤᠮᠯᠠᠯ ᠬᠠᠩᠭᠠᠵᠠᠢ᠃ ᠪᠦᠬᠦ ᠬᠤᠲᠠ ᠶᠢᠨ ᠡᠯ᠎ᠡ ᠱᠠᠲᠤᠨ ᠤ ᠤᠳᠤᠷᠢᠳᠬᠤ ᠺᠠᠳ᠋ᠷ ᠰᠢ ᠶᠢᠨ ᠫᠢᠩ ᠶᠡᠷᠦᠩᠬᠡᠢ ᠱᠦᠵᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠶᠢ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠣᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠬᠦᠴᠦᠯᠡᠨ ᠦᠢᠯᠡᠳᠦᠯᠭᠡᠵᠢᠭᠦᠯᠵᠦ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠡᠢ᠃      ᠲᠠᠩ ᠢ ᠬᠡᠯᠡᠭᠰᠡᠨ ᠨᠢ᠂ ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠳᠠ ᠶᠢᠨ ᠴᠢᠨᠠᠷ ᠰᠠᠶᠢᠲᠠᠢ ᠪᠠᠷ ᠬᠡᠯᠪᠡᠷᠢ ᠪᠠᠨ ᠬᠤᠪᠢᠷᠠᠭᠤᠯᠬᠤ ᠬᠥᠭᠵᠢᠯᠲᠡ ᠮᠡᠳᠡᠭᠳᠡᠮ᠎ᠡ ᠦᠷ᠎ᠡ ᠪᠦᠲᠦᠮᠵᠢ ᠣᠯᠣᠭᠰᠠᠨ ᠪᠣᠯᠪᠠᠴᠤ ᠪᠠᠰᠠ ᠴᠥᠭᠡᠨ ᠪᠤᠰᠤ ᠬᠦᠴᠢᠷᠳᠡᠯ ᠥᠷᠢᠰᠦᠯᠳᠦᠭᠡᠨ ᠳᠤ ᠲᠤᠯᠭᠠᠷᠠᠵᠤ ᠪᠤᠢ᠃ ᠪᠦᠬᠦ ᠬᠤᠲᠠ ᠶᠢᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠪᠦᠬᠦ ᠲᠠᠯ᠎ᠠ ᠶᠢᠨ᠂ ᠬᠤᠪᠢᠰᠤᠩᠭᠤᠢ᠂ ᠠᠯᠤᠰ ᠬᠡᠳᠦ ᠶᠢᠨ ᠬᠠᠷᠠᠴᠠ ᠪᠠᠷ ᠬᠥᠭᠵᠢᠯᠲᠡ ᠳᠤ ᠬᠠᠨᠳᠤᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠤᠨ ᠢᠶᠠᠷ ᠨᠡᠮᠡᠭᠳᠡᠭᠦᠯᠬᠦ ᠠᠯᠢ ᠣᠯᠠᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠢᠬᠤᠯᠠ ᠶᠡᠭᠡ ᠠᠵᠠ ᠲᠣᠬᠢᠶᠠᠯ ᠢ ᠴᠢᠩᠭ᠎ᠠ ᠠᠳᠬᠤᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠦᠬᠦ ᠲᠠᠯ᠎ᠠ ᠪᠠᠷ ᠲᠤᠤᠱᠯᠠᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠬᠦᠴᠦᠨ ᠢᠶᠠᠨ ᠲᠥᠪᠯᠡᠷᠡᠭᠦᠯᠦᠨ ︽ᠬᠤᠶᠠᠷ ᠶᠡᠭᠡ ᠶᠠᠪᠤᠳᠠᠯ︾ ᠢ ᠰᠠᠶᠢᠲᠤᠷ ᠪᠡᠶᠡᠯᠡᠬᠦᠯᠵᠦ᠂ ︽ᠬᠤᠶᠠᠷ ᠬᠡᠯᠪᠡᠷᠢ ᠪᠠᠨ ᠬᠤᠪᠢᠷᠠᠭᠤᠯᠬᠤ︾  ᠶᠢ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠣᠨ ᠮᠠᠨ ᠤ ᠬᠤᠳᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠣᠶᠢᠵᠢᠭᠤᠯᠵᠤ᠂ ᠬᠥᠭᠵᠢᠯᠲᠡ ᠶᠢᠨ ᠰᠢᠨ᠎ᠡ ᠳᠠᠪᠠᠭᠤᠯᠢᠭ ᠢ ᠢᠳᠡᠪᠬᠢᠲᠡᠢ ᠪᠠᠶᠢᠭᠤᠯᠵᠤ᠂ ᠠᠯᠢᠪᠠ ᠴᠢᠷᠮᠠᠶᠢᠯᠭ᠎ᠠ ᠪᠠᠷ ᠢᠶᠠᠨ ᠥᠭᠡᠳᠡᠯᠡᠨ ᠰᠠᠶᠢᠵᠢᠷᠠᠬᠤ ᠬᠥᠭᠵᠢᠯᠲᠡ ᠶᠢᠨ ᠬᠠᠨᠳᠤᠰᠢ ᠶᠢ ᠤᠷᠳᠤ ᠬᠤᠭᠤᠴᠠᠭᠠᠨ ᠤ ᠬᠠᠨᠳᠤᠰᠢ ᠪᠣᠯᠭᠠᠨ ᠬᠤᠪᠢᠷᠠᠭᠤᠯᠬᠤ ᠬᠡᠷᠡᠭᠳᠡᠢ᠃ ᠪᠥᠬᠦ ᠬᠤᠲᠠ ᠶᠢᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠡᠳᠬᠢᠯ ᠳᠡᠭᠡᠨ ᠤᠴᠢᠷ ᠶᠠᠪᠤᠳᠠᠯ ᠢ ᠪᠣᠳᠣᠯᠬᠢᠯᠠᠵᠤ᠂ ᠨᠢᠳᠦᠨ ᠳᠡᠭᠡᠨ ᠤᠴᠢᠷ ᠶᠠᠪᠤᠳᠠᠯ ᠢ ᠦᠵᠡᠵᠦ᠂ ᠮᠥᠷᠥᠨ ᠳᠡᠭᠡᠷ᠎ᠡ ᠪᠠᠨ ᠤᠴᠢᠷ ᠶᠠᠪᠤᠳᠠᠯ ᠢ ᠡᠭᠦᠷᠭᠡᠯᠡᠵᠦ᠂ ᠭᠠᠷ ᠲᠠᠭᠠᠨ ᠠᠵᠢᠯ ᠶᠠᠪᠤᠳᠠᠯ ᠬᠢᠵᠦ᠂ ᠲᠠᠨᠢᠯᠲᠠ ᠶᠢᠨ ᠲᠠᠯ᠎ᠠ ᠪᠠᠷ ᠳᠠᠬᠢᠨ ᠳᠡᠭᠡᠭᠰᠢᠯᠡᠭᠦᠯᠵᠦ᠂ ᠠᠵᠢᠯᠯᠠᠭ᠎ᠠ ᠶᠢᠨ ᠲᠠᠯ᠎ᠠ ᠪᠠᠷ ᠳᠠᠬᠢᠨ ᠬᠤᠷᠳᠤᠴᠠ ᠪᠠᠨ ᠲᠦᠷᠭᠡᠳᠬᠡᠵᠦ᠂ ᠣᠪᠣᠷ ᠤᠨ ᠲᠠᠯ᠎ᠠ ᠪᠠᠷ ᠳᠠᠬᠢᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠦᠷ᠎ᠡ ᠪᠦᠲᠦᠮᠵᠢ ᠶᠢᠨ ᠲᠠᠯ᠎ᠠ ᠪᠠᠷ ᠳᠠᠬᠢᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠰᠢᠨ᠎ᠡ ᠬᠠᠷᠢᠭᠤᠴᠠᠯᠭ᠎ᠠ ᠡᠭᠦᠷᠭᠡᠯᠡᠵᠦ ᠰᠢᠨ᠎ᠡ ᠵᠢᠳᠬᠦᠯ ᠴᠢᠷᠮᠠᠶᠢᠯᠭ᠎ᠠ ᠪᠠᠷ ᠮᠠᠨ ᠤ ᠬᠤᠲᠠ ᠶᠢᠨ ᠴᠢᠨᠠᠷ ᠰᠠᠶᠢᠲᠠᠢ ᠪᠠᠷ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠡᠢ᠃      ᠲᠠᠩ ᠢ ᠪᠠᠰᠠ ᠨᠠᠮ ᠤᠨ ᠰᠤᠷᠭᠠᠭᠤᠯᠢ ᠶᠢᠨ ᠠᠵᠢᠯ ᠪᠠ ᠵᠠᠯᠠᠭᠤ ᠺᠠᠳ᠋ᠷᠴᠤᠳ ᠲᠤ ᠪᠣᠳᠠᠲᠠᠢ ᠱᠠᠭᠠᠷᠳᠠᠯᠭ᠎ᠠ ᠳᠤᠷᠠᠳᠴᠠᠢ᠃ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠬᠢᠨ ᠨᠠᠮ ᠤᠨ ᠣᠳᠣᠷᠢᠳᠣᠯᠭ᠎ᠠ ᠶᠢ ᠡᠷᠡᠰ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠤᠯᠤᠰ ᠲᠦᠷᠦ ᠶᠢᠨ ᠬᠠᠮᠲᠤ ᠶᠢᠨ ᠲᠠᠨᠢᠯᠳᠠ᠂ ᠦᠵᠡᠯ ᠰᠠᠨᠠᠭᠠᠨ ᠤ ᠬᠠᠮᠲᠤ ᠶᠢᠨ ᠲᠠᠨᠢᠯᠳᠠ᠂ ᠤᠨᠤᠯ ᠤᠨ ᠬᠠᠮᠲᠤ ᠶᠢᠨ ᠲᠠᠨᠢᠯᠳᠠ᠂ ᠬᠠᠶᠢᠷ᠎ᠠ ᠰᠡᠳᠬᠢᠯᠭᠡ ᠶᠢᠨ ᠬᠠᠮᠲᠤ ᠶᠢᠨ ᠲᠠᠨᠢᠯᠳᠠ ᠪᠠᠨ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ ᠶᠢ ᠪᠠᠷᠢᠮᠲᠠᠯᠠᠵᠤ᠂ ᠪᠣᠯᠪᠠᠰᠤᠷᠠᠯ ᠤᠨ ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠂ ᠵᠢᠭᠠᠨ ᠰᠤᠷᠭᠠᠬᠤ ᠠᠷᠭ᠎ᠠ ᠪᠠᠨ ᠰᠢᠯᠢᠳᠡᠭᠵᠢᠭᠦᠯᠵᠦ᠂ ᠪᠣᠳᠠᠲᠠᠢ ᠶᠢ ᠡᠷᠭᠢᠮᠯᠡᠭᠰᠡᠨ ᠲᠤᠰᠠᠲᠠᠢ ᠬᠢᠴᠢᠶᠡᠯ ᠤᠨ ᠰᠢᠰᠲ᠋ᠧᠮᠵᠢ ᠶᠢ ᠪᠣᠶ ᠪᠣᠯᠭᠠᠬᠤ ᠬᠡᠷᠡᠭᠲᠡᠢ᠃ ᠰᠤᠷᠭᠠᠭᠤᠯᠢ ᠪᠠᠨ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠨᠠᠮ ᠤᠨ ᠰᠤᠷᠭᠠᠭᠤᠯᠢ ᠶᠢᠨ ᠰᠤᠷᠤᠯᠴᠠᠯᠭ᠎ᠠ᠂ ᠠᠮᠢᠳᠤᠷᠠᠯ ᠤᠨ ᠡᠯ᠎ᠡ ᠭᠤᠭᠴᠤᠭ᠎ᠠ᠂ ᠪᠦᠬᠦ ᠶᠠᠪᠤᠴᠠ ᠳᠤ ᠲᠤᠤᠱᠯᠠᠭᠤᠯᠬᠤ ᠬᠡᠷᠡᠭᠲᠡᠢ᠃ ᠵᠠᠯᠠᠭᠤ ᠺᠠᠳ᠋ᠷᠴᠤᠳ ᠤᠯᠤᠰ ᠲᠦᠷᠦ ᠶᠢᠨ ᠲᠠᠯ᠎ᠠ ᠪᠠᠷ ᠯᠠᠪᠳᠠᠭᠤᠨ ᠪᠠᠲᠤᠲᠠᠢ᠂ ᠨᠠᠶᠢᠳᠠᠪᠤᠷᠢᠲᠠᠢ ᠪᠠᠶᠢᠵᠤ᠂ ᠢᠮᠠᠭᠲᠠ ᠦᠵᠡᠯ ᠰᠠᠨᠠᠭᠠᠨ ᠤ ᠲᠠᠯ᠎ᠠ ᠪᠠᠷ ᠤᠯᠤᠰ ᠲᠦᠷᠦ ᠶᠢᠨ ᠲᠠᠯ᠎ᠠ ᠪᠠᠷ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠠᠵᠢᠯ ᠤᠨ ᠲᠠᠯ᠎ᠠ ᠪᠠᠷ ᠡᠭᠦᠷᠭᠡᠯᠡᠵᠦ ᠴᠢᠳᠠᠬᠤ ᠪᠥᠭᠡᠳ ᠰᠠᠶᠢᠨ ᠠᠵᠢᠯᠯᠠᠵᠤ᠂ ᠡᠷᠳᠡᠮ ᠴᠢᠳᠠᠪᠤᠷᠢ ᠶᠢ ᠰᠠᠶᠢᠲᠤᠷ ᠡᠵᠡᠮᠰᠢᠵᠦ᠂ ᠠᠵᠢᠯ ᠲᠦᠷᠦᠯ ᠤᠨ ᠭᠤᠣᠯᠯᠠᠭᠴᠢ ᠬᠦᠴᠦᠨ ᠪᠠ ᠤᠬᠢ ᠰᠣᠳᠣ ᠪᠣᠯᠬᠤ ᠬᠡᠷᠡᠭᠲᠡᠢ᠃ ᠰᠤᠷᠲᠠᠯ ᠤᠨ ᠲᠠᠯ᠎ᠠ ᠪᠠᠷ ᠴᠢᠩᠭ᠎ᠠ ᠬᠠᠲᠠᠭᠤ ᠪᠠᠶᠢᠵᠦ᠂ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾ ᠪᠠ ︽ᠤᠳᠠᠭᠠᠨ ᠪᠦᠳᠦᠭᠦᠯᠢᠭ ᠬᠡᠶᠢᠰᠪᠤᠷᠢ︾ ᠪᠠᠶᠢᠬᠤ ᠠᠰᠠᠭᠤᠳᠠᠯ ᠢᠶᠠᠨ ᠬᠦᠴᠦᠯᠡᠨ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠬᠦ᠂ ᠬᠤᠷᠳᠤᠴᠠ ᠪᠠᠨ ᠳᠡᠭᠡᠭᠰᠢᠯᠡᠭᠦᠯᠬᠦ᠂ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠴᠢᠩᠭ᠎ᠠ ᠪᠠᠷᠢᠵᠤ᠂ ᠬᠥᠮᠥᠨ ᠪᠣᠯᠬᠤ᠂ ᠤᠴᠢᠷ ᠶᠠᠪᠤᠳᠠᠯ ᠰᠢᠢᠳᠪᠦᠷᠢᠯᠡᠬᠦ᠂ ᠡᠷᠬᠡ ᠪᠠᠨ ᠬᠡᠷᠡᠭᠯᠡᠬᠦ᠂ ᠨᠠᠶᠢᠵᠠᠯᠠᠬᠤ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠬᠤ ᠬᠡᠷᠡᠭᠲᠡᠢ ᠭᠡᠵᠡᠢ᠃      ᠬᠤᠲᠠ ᠶᠢᠨ ᠰᠢᠭᠦᠬᠦ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾᠂ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂ ᠵᠠᠬᠢᠷᠤᠯ᠂ ᠬᠠᠲᠤᠨ ᠭᠤᠣᠯ ᠤᠨ ᠬᠠᠶᠢᠷᠤᠪ ᠤᠨ ᠲᠤᠬᠤᠢ  ᠶᠢᠨ ᠤᠰᠤᠨ ᠠᠰᠢᠭᠯᠠᠯᠲᠠ ᠶᠢᠨ ᠬᠦᠢᠰᠣ ᠶᠢᠨ ᠦᠢᠯᠡᠰ ᠤᠨ ᠬᠦᠭᠵᠢᠬᠦᠯᠦᠯᠳᠡ ᠶᠢᠨ ᠲᠥᠪ ᠤᠨ ᠡᠷᠬᠢᠯᠡᠭᠴᠢ᠂ ᠡᠯ᠎ᠡ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠨᠠᠮ ᠤᠨ ᠰᠤᠷᠭᠠᠭᠤᠯᠢ ᠶᠢᠨ ᠪᠠᠭᠰᠢ ᠠᠵᠢᠯᠲᠠᠨ ᠵᠢᠴᠢ ᠬᠤᠯᠪᠣᠭᠳᠠᠯ ᠪᠦᠬᠦᠢ ᠠᠩᠭᠢ ᠶᠢᠨ ᠪᠤᠯᠪᠠᠰᠣᠷᠠᠯ ᠬᠦᠷᠳᠡᠭᠴᠢ ᠣᠷᠣᠯᠴᠠᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号