ᠲᠡᠦᠭᠡᠨ ᠣᠯᠠᠷᠢᠯ ︵ᠲᠠᠪᠤ︶
ᠨᠡᠶᠢᠲᠡᠯᠡᠭᠰᠡᠨ ᠴᠠᠭ᠄
2024/3/7
ᠲᠡᠦᠭᠡᠨ ᠣᠯᠠᠷᠢᠯ ︵ᠲᠠᠪᠤ︶      ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ︵1949.10.1 ~      1950 ᠤᠨ᠄      2 ᠰᠠᠷ᠎ᠠ ᠶᠢᠨ25 ᠤ ᠡᠳᠦᠷ᠂ ᠣᠳᠤᠭ ᠬᠤᠰᠢᠭᠤᠨ ᠤ ᠠᠷᠠᠳ ᠤᠨ ᠵᠠᠰᠠᠭ ᠤᠷᠳᠤᠨ ᠵᠢᠩᠬᠢᠨᠢ ᠪᠠᠷ ᠪᠠᠶᠢᠭᠤᠯᠤᠭᠳᠠᠭᠰᠠᠨ ᠢᠶᠠᠨ ᠵᠠᠷᠯᠠᠪᠠ᠂ ᠣᠳᠣ ᠶᠢᠨ ᠬᠠᠶᠢᠷᠣᠪ ᠤᠨ ᠲᠤᠬᠤᠢ ᠶᠢᠨ ᠭᠠᠵᠠᠷ ᠣᠷᠣᠨ ᠳᠤ ᠬᠠᠷᠢᠶᠠᠯᠠᠨ᠎ᠠ᠃      3 ᠰᠠᠷ᠎ᠠ ᠶᠢᠨ 5 ᠤ ᠡᠳᠦᠷ᠂ ᠤᠤᠯ ᠤᠨ ᠮᠠ ᠬᠤᠩ ᠺᠦᠢ ᠶᠢᠨ ᠵᠠᠬᠢᠷᠭ᠎ᠠ ᠶᠢᠨ ᠠᠯᠠᠱᠠ ᠶᠢᠨ ᠰᠡᠷᠬᠡᠶᠢᠯᠡᠯᠲᠡ ᠶᠢᠨ ᠰᠧᠯᠢᠩ ᠭᠦᠸᠧ ᠶᠦᠩ ᠱᠧᠩ ︵ᠰᠤᠷᠮᠠᠭᠠᠢ ᠲᠡᠬᠡᠷᠡᠮ ᠭᠦᠸᠧ ᠱᠤᠸᠠᠨ ᠽᠢ︶ ᠪᠠᠭᠤᠵᠤ ᠦᠭᠭᠦᠭᠰᠡᠨ ᠠᠴᠠ ᠰᠡᠭᠦᠯᠡᠷ ᠲᠠᠬᠢᠨ ᠠᠮᠤᠷ ᠢ ᠬᠠᠮᠠᠭᠠᠯᠠᠬᠤ ᠠᠩᠬᠢ ᠶᠢᠨ 43 ᠬᠦᠮᠦᠨ ᠢᠶᠠᠨ ᠲᠠᠭᠠᠭᠤᠯᠤᠨ ᠤᠷᠪᠠᠨ ᠲᠤᠳᠠᠭᠠᠵᠤ ᠲᠡᠭᠡᠷᠡᠮ ᠪᠤᠯᠵᠤ᠂ ᠭᠤᠮᠢᠨᠳᠠᠩ ᠤᠨ ᠲᠠᠩᠨᠠᠭᠤᠯ ᠲᠠᠢ ᠰᠦᠯᠪᠡᠭᠡᠯᠡᠵᠦ᠂ ᠠᠷᠠᠳ ᠤᠨ ᠴᠢᠯᠦᠬᠡᠯᠡᠬᠦ ᠴᠡᠷᠢᠭ ᠪᠤᠯᠤᠨ ᠠᠯᠠᠱᠠ ᠠᠭᠤᠯᠠᠨ ᠲᠠᠭᠠᠤ ᠣᠷᠣᠨ ᠤ ᠰᠢᠶᠠᠩ ᠰᠣᠮᠣ ᠶᠢᠨ ᠣᠷᠣᠨ ᠨᠤᠳᠤᠭ ᠤᠨ ᠵᠠᠰᠠᠭ ᠤᠨ ᠣᠷᠳᠣᠨ ᠢ ᠭᠡᠨᠡᠲᠡᠭᠦᠯᠦᠨ ᠲᠠᠭᠠᠷᠢᠵᠦ᠂ ᠤᠯᠠᠨ ᠲᠦᠮᠡᠨ ᠢ ᠫᠤᠤᠳᠠᠨ ᠠᠯᠠᠵᠤ᠂ ᠡᠳ᠋ ᠪᠤᠳᠠᠰ ᠢ ᠲᠡᠭᠡᠷᠡᠮᠳᠡᠵᠦ᠂ ᠨᠡᠶᠢᠭᠡᠮ ᠤᠨ ᠠᠮᠤᠷ ᠲᠦᠪᠰᠢᠨ ᠢ ᠬᠦᠨᠲᠤ  ᠨᠣᠴᠢᠲᠠᠢ ᠰᠠᠮᠠᠷᠠᠭᠤᠯᠤᠪᠠ᠃ ᠣᠳᠠ ᠲᠦᠢᠪᠡᠭᠡᠯᠭᠡ ᠳᠤ  ᠳᠠᠭᠠᠷᠢᠭᠳᠠᠪᠠ᠃      3 ᠰᠠᠷ᠎ᠠ ᠶᠢᠨ 31 ᠤ ᠡᠳᠦᠷ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠠᠯᠠᠱᠠ ᠬᠤᠰᠢᠭᠤᠨ ᠤ ᠠᠵᠢᠯ ᠤᠨ ᠺᠤᠮᠢᠰ ᠪᠠᠶᠢᠭᠤᠯᠤᠭᠳᠠᠪᠠ᠃ ᠱᠦᠵᠢ ᠼᠣᠣ᠂ ᠳ᠋ᠦᠩ ᡁᠢ᠂ ᠲᠡᠳ᠋ ᠱᠦᠵᠢ ᠶᠦᠨ ᠰᠢᠶᠠᠩ ᠱᠧᠩ᠃      ▲ᠠᠯᠠᠱᠠ ᠬᠤᠱᠣᠳ ᠬᠤᠰᠢᠭᠤᠨ ᠤ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠣᠷᠳᠣᠨ ᠪᠠᠶᠢᠭᠤᠯᠤᠭᠳᠠᠭᠰᠠᠨ ᠢᠶᠠᠨ ᠵᠠᠷᠯᠠᠪᠠ᠃      7 ᠰᠠᠷ᠎ᠠ ᠶᠢᠨ 31 ᠤ ᠡᠳᠦᠷ᠂ ᠦᠷᠯᠦᠭᠡ ᠡᠷᠳᠡ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠠᠯᠠᠱᠠ ᠬᠤᠰᠢᠭᠤᠨ ᠤ ᠠᠵᠢᠯ ᠤᠨ ᠺᠤᠮᠢᠰ ᠤᠨ ᠱᠦᠵᠢ ᠼᠣᠣ ᠳ᠋ᠦᠩ ᡁᠢ᠂ ᠨᠢᠩᠰᠢᠶᠠ ᠮᠤᠵᠢ ᠶᠢᠨ ᠨᠠᠮ ᠤᠨ ᠬᠤᠷᠢᠶᠠᠨ ᠬᠤᠷᠠᠯ ᠳᠤ ᠤᠷᠤᠯᠴᠠᠭᠰᠠᠨ ᠤ ᠲᠠᠷᠠᠭ᠎ᠠ ᠮᠤᠷᠢ ᠤᠨᠤᠵᠤ ᠬᠤᠰᠢᠭᠤᠨ ᠳᠠᠭᠠᠨ ᠪᠤᠴᠠᠬᠤ ᠵᠠᠮ ᠳᠤ᠂ ᠾᠧ ᠯᠠᠨ ᠱᠠᠨ ᠠᠭᠤᠯᠠ ᠶᠢᠨ ᠹᠠᠨ ᠵᠢᠶᠠ ᠶᠢᠩ ᠤᠨ ᠬᠤᠷᠢᠭᠯᠠᠯᠳᠠ ᠶᠢᠨ ᠤᠶᠢᠷᠠᠯᠴᠠᠭ᠎ᠠ᠂ ᠲᠡᠭᠡᠷᠡᠮ ᠳᠤ ᠪᠠᠭᠤᠵᠤ ᠦᠭᠭᠦᠭᠰᠡᠨ ᠤᠤᠯ  ᠤᠨ ᠠᠯᠠᠱᠠ ᠬᠤᠰᠢᠭᠤᠨ ᠤ ᠠᠮᠤᠷ ᠢ ᠬᠠᠮᠠᠭᠠᠯᠠᠬᠤ ᠠᠩᠬᠢ ᠶᠢᠨ ᠬᠢᠯᠢ ᠶᠢᠨ ᠬᠠᠷᠠᠭᠤᠯ ᠤᠨ ᠬᠠᠷᠠᠭᠤᠯ ᠤᠨ ᠲᠠᠷᠤᠭ᠎ᠠ ᠮᠦᠩᠬᠡᠪᠠᠲᠤ ᠵᠡᠷᠭᠡ ᠬᠦᠮᠦᠰ ᠤᠨ ᠪᠦᠭᠬᠦᠨ ᠴᠤᠬᠢᠯᠳᠠ ᠳᠤ ᠤᠴᠠᠷᠠᠵᠤ᠂ ᠪᠠᠭᠠᠲᠤᠷᠯᠢᠭ ᠢᠶᠠᠷ ᠪᠡᠶ᠎ᠡ ᠦᠷᠡᠭᠳᠡᠪᠡ᠃      10 ᠰᠠᠷ᠎ᠠ ᠶᠢᠨ16 ᠤ ᠡᠳᠦᠷ᠂ ᠭᠦᠸᠧ ᠱᠤᠸᠠᠨ ᠽᠢ ᠠᠯᠠᠱᠠ ᠠᠭᠤᠯᠠᠨ ᠤ ᠶᠡᠭᠡ ᠰᠢ ᠹᠧᠩ ᠱᠠᠨ ᠠᠭᠤᠯᠠᠨ  ᠳᠤ ᠪᠠᠷᠢᠭᠳᠠᠪᠠ᠃ 11 ᠰᠠᠷ᠎ᠠ ᠶᠢᠨ19 ᠤ ᠡᠳᠦᠷ ᠢᠷᠭᠠᠢ ᠳᠤ ᠫᠤᠤᠳᠠᠨ ᠠᠯᠠᠭᠳᠠᠬᠤ ᠰᠢᠢᠳᠭᠡᠯ ᠬᠦᠷᠳᠡᠪᠡ᠃      ᠲᠤᠰ ᠵᠢᠯ᠂ ᠶᠡᠭᠡ ᠵᠤᠤ ᠠᠶᠢᠮᠠᠭ ᠤᠨ ᠣᠷᠣᠨ ᠨᠤᠲᠤᠭ ᠤᠨ ᠬᠤᠪᠢᠰᠬᠠᠯ ᠤᠨ ᠡᠰᠡᠷᠭᠦᠦ ᠡᠳᠡᠭᠡᠳ ᠴᠢᠮᠡᠭᠭᠡᠨ ᠬᠤᠪᠢᠰᠬᠠᠯ ᠢ ᠡᠰᠡᠷᠭᠦᠴᠡᠭᠰᠡᠨ ᠵᠡᠪᠰᠡᠭᠲᠦ ᠤᠷᠪᠠᠯᠭᠠᠨ ᠭᠠᠷᠭᠠᠪᠠ᠂ ᠡᠴᠦᠰ ᠲᠡᠭᠡᠨ ᠠᠷᠠᠳ ᠤᠨ ᠴᠢᠯᠦᠬᠡᠯᠡᠬᠦ ᠴᠡᠷᠢᠭ  ᠤᠨ 518 ᠬᠤᠷᠢᠶᠠᠨ ᠳᠤ ᠣᠰᠠᠳᠬᠠᠭᠳᠠᠵᠤ᠂ ᠴᠢᠮᠡᠭᠭᠡᠨ ᠯᠣᠭᠰᠢᠳᠣᠷ ᠲᠤ ᠫᠤᠤᠳᠠᠭᠳᠠᠨ ᠠᠯᠠᠭᠳᠠᠪᠠ᠃      1951 ᠤᠨ᠄      2 ᠰᠠᠷ᠎ᠠ ᠶᠢᠨ 4 ᠤ ᠡᠳᠦᠷ᠂ ᠤᠤᠯ ᠤᠨ ᠤᠳᠤᠭ ᠤᠨ ᠠᠮᠤᠷ ᠢ ᠬᠠᠮᠠᠭᠠᠯᠠᠬᠤ ᠲᠡᠳ᠋ ᠰᠧᠯᠢᠩ ᠯᠢᠦ ᠪᠤᠤ ᠽᠠᠢ ᠲᠤᠭᠤᠷᠢᠮ ᠤᠨ ᠦᠪᠡᠷ ᠢ ᠪᠠᠨ ᠬᠠᠮᠠᠭᠠᠯᠠᠤ ᠬᠤᠷᠢᠶᠠᠨ ᠤ ᠲᠤᠯᠤᠭᠠᠶᠢᠯᠠᠭᠴᠢ ᠸᠠᠩ ᠸᠧᠨ ᠺᠦᠢ ᠵᠡᠷᠭᠡ ᠲᠠᠢ ᠰᠦᠯᠪᠡᠭᠡᠯᠳᠦᠨ ᠢᠯᠡ ᠤᠷᠪᠠᠯᠭᠠᠨ ᠡᠭᠦᠰᠭᠡᠪᠡ᠃ ᠤᠷᠪᠠᠯᠭᠠᠨ ᠢᠯᠠᠭᠳᠠᠭᠰᠠᠨ ᠠᠴᠠ ᠰᠦᠮᠡᠲᠦ᠂ ᠤᠯᠠᠨ ᠨᠤᠬᠠᠢ ᠶᠢᠨ ᠬᠤᠳᠳᠤᠭ᠂ ᠣᠷᠠᠨ ᠲᠦᠰᠢ ᠠᠭᠤᠯᠠᠨ ᠤ ᠣᠷᠴᠢᠮ ᠬᠡᠰᠦᠨ ᠵᠢᠭᠤᠳᠠᠵᠤ ᠪᠠᠶᠢᠪᠠ᠃ 4 ᠰᠠᠷ᠎ᠠ ᠳᠤ᠂ ᠯᠢᠦ ᠪᠤᠤ  ᠼᠠᠢ ᠠᠯᠠᠱᠠ ᠠᠶᠢᠮᠠᠭ ᠤᠨ ᠵᠠᠳᠠᠨᠪᠠ ᠰᠦᠮ᠎ᠡ ᠳᠤ ᠦᠪᠦᠷ ᠮᠤᠩᠭᠤᠯ ᠤᠨ ᠮᠤᠷᠢᠲᠤ ᠴᠡᠷᠢᠭ ᠤᠨ ᠲᠠᠪᠤᠳᠤᠭᠠᠷ ᠳ᠋ᠢᠸᠢᠽᠢ ᠳᠤ ᠫᠤᠤᠳᠠᠭᠳᠠᠨ ᠠᠯᠠᠭᠳᠠᠪᠠ᠃      ᠬᠠᠪᠣᠷ᠂ ᠵᠠᠩ ᠬᠤᠩ ᠭᠤᠤ᠂ ᠵᠠᠩ ᠰᠠᠨ ᠳ᠋ᠠᠨ᠂ ᠰᠢᠦᠢ ᠱᠧᠩ ᠹᠦ᠋ 3 ᠡᠷᠦᠬᠡ ᠤᠳᠠ ᠶᠢᠨ ᠤᠯᠠᠭᠠᠨᠮᠤᠳᠤ ᠣᠷᠴᠢᠮ ᠳᠤ ᠠᠳᠠᠷ ᠬᠠᠭᠠᠯᠪᠤᠷᠢᠯᠠᠵᠤ ᠲᠠᠷᠢᠶ᠎ᠠ ᠲᠠᠷᠢᠪᠠ᠃1953 ᠣᠨ ᠳᠤ ᠠᠩᠬᠠᠳᠣᠭᠠᠷ ᠬᠠᠪᠰᠤᠷᠤᠯᠴᠠᠬᠤ ᠳᠤᠭᠤᠶᠢᠯᠠᠩ ᠢ ᠵᠤᠬᠢᠶᠠᠨ ᠪᠠᠶᠢᠭᠤᠯᠪᠠ᠃      5 ᠰᠠᠷ᠎ᠠ ᠶᠢᠨ1 ᠤ ᠡᠳᠦᠷ᠂ ᠨᠢᠩᠰᠢᠶᠠ ᠮᠤᠵᠢ ᠶᠢᠨ ᠠᠯᠠᠱᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠵᠢᠩᠬᠢᠨᠢ ᠪᠠᠷ ᠣᠳᠠ ᠣᠷᠣᠨ ᠤ ᠾᠧ ᠭᠤᠸᠠᠢ ᠽᠢ ᠨᠡᠭᠦᠷᠡᠰᠦᠨ ᠠᠭᠤᠷᠬᠠᠢ ᠶᠢ ᠲᠤᠰᠴᠤ ᠡᠵᠡᠩᠨᠡᠪᠡ᠂ ᠤᠷᠤᠨ ᠨᠤᠲᠤᠭ ᠤᠨ ᠤᠯᠤᠰ ᠠᠴᠠ ᠡᠷᠬᠢᠯᠡᠭᠰᠡᠨ ᠣᠳᠠ ᠶᠢᠨ ᠨᠡᠭᠦᠷᠡᠰᠦᠨ ᠠᠭᠤᠷᠬᠠᠢ ᠶᠢ ᠪᠠᠶᠢᠭᠤᠯᠪᠠ᠃      ᠡᠪᠦᠯ᠂ ᠨᠢᠩᠰᠢᠶᠠ ᠮᠤᠵᠢ ᠶᠢᠨ ᠠᠯᠠᠱᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠶᠠᠩ ᠴᠢᠩ ᠱᠠᠨ  ᠢ ᠣᠳᠠ ᠶᠢᠨ ᠠᠭᠤᠯᠠ ᠪᠠᠶᠢᠴᠠᠭᠠᠬᠤ ᠠᠩᠬᠢ ᠶᠢᠨ ᠲᠠᠷᠤᠭ᠎ᠠ ᠪᠠᠷ ᠲᠤᠮᠢᠯᠠᠪᠠ᠂ ᠲᠡᠷᠡ ᠪᠤᠯ ᠣᠳᠠ ᠣᠷᠣᠨ ᠤ ᠬᠠᠮᠤᠭ ᠠᠩᠬᠠᠨ ᠤ ᠨᠠᠮ ᠤᠨ ᠬᠡᠰᠢᠭᠦᠨ ᠪᠤᠯᠬᠤ ᠶᠤᠮ᠃      1952 ᠤᠨ᠄      6 ᠰᠠᠷ᠎ᠠ᠂ ᠶᠡᠭᠡ ᠵᠤᠤ ᠠᠶᠢᠮᠠᠭ ᠤᠨ ᠬᠤᠵᠢᠷ ᠦᠢᠯᠡᠳᠬᠦ ᠺᠤᠮᠫᠠᠨᠢ ᠷᠠᠰᠠᠩ ᠰᠦᠮ᠎ᠡ ᠳᠤ ᠰᠢᠯᠵᠢᠨ ᠢᠷᠡᠵᠦ᠂ ᠨᠤᠲᠤᠭ ᠤᠨ ᠠᠷᠭ᠎ᠠ ᠪᠠᠷ ᠢᠳᠡᠮᠡᠬᠡᠢ ᠱᠦᠯᠲᠦ ᠲᠤᠷᠰᠢᠨ ᠦᠢᠯᠡᠳᠴᠦ ᠡᠬᠢᠯᠡᠪᠡ᠃      9 ᠰᠠᠷ᠎ᠠ᠂ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠭᠤᠴᠢᠨ ᠤᠯᠠᠭᠠᠨ ᠴᠡᠷᠢᠭ ᠺᠠᠩ ᠶᠦᠸᠡᠢ ᠵᠡᠷᠭᠡ ᠬᠦᠮᠦᠰ ᠢ ᠲᠤᠮᠢᠯᠠᠵᠤ᠂ ᠴᠠᠷᠢᠮ ᠤᠨ ᠭᠤᠤᠯ ᠤᠨ ᠨᠡᠭᠦᠷᠡᠰᠦᠨ ᠠᠭᠤᠷᠬᠠᠢ ᠳᠤ ᠠᠵᠢᠯᠯᠠᠭᠤᠯᠪᠠ᠃      1953 ᠣᠨ᠄      3 ᠰᠠᠷ᠎ᠠ᠂ ᠺᠠᠩ ᠶᠦᠸᠡᠢ ᠯᠤᠭᠰᠢᠳᠠᠷ ᠤᠨ ᠨᠡᠭᠦᠷᠡᠰᠦᠨ ᠠᠭᠤᠷᠬᠠᠢ ᠳᠤ ᠬᠦᠷᠴᠦ ᠠᠵᠢᠯᠯᠠᠵᠤ᠂ ᠷᠠᠰᠠᠩ ᠰᠦᠮ᠎ᠡ ᠶᠢᠨ ᠶᠡᠭᠡ ᠵᠤᠤ ᠠᠶᠢᠮᠠᠭ ᠤᠨ ᠬᠤᠵᠢᠷ ᠦᠢᠯᠡᠳᠭᠦ ᠺᠤᠮᠫᠠᠨᠢ ᠶᠢᠨ ᠯᠢᠦ ᠰᠢᠦᠸᠡᠢ ᠶᠤᠸᠠᠨ᠂ ᠪᠠᠶᠢᠭᠠᠯᠢ ᠶᠢᠨ ᠬᠤᠵᠢᠷ ᠲᠡᠭᠡᠭᠡᠪᠦᠷᠢᠯᠡᠨ ᠪᠤᠷᠤᠯᠠᠭᠤᠯᠬᠤ ᠭᠠᠵᠠᠷ ᠤᠨ ᠲᠡᠮᠡᠭᠡᠨ ᠠᠩᠬᠢ ᠶᠢᠨ ᠶᠦᠨ ᠺᠠᠢ ᠯᠸᠢ ᠲᠠᠢ ᠬᠠᠮᠲᠤᠷᠠᠨ ᠨᠠᠮ  ᠤᠨ ᠡᠭᠦᠷ ᠢ ᠵᠤᠬᠢᠶᠠᠨ ᠪᠠᠶᠢᠭᠤᠯᠵᠤ᠂ ᠯᠢᠦ ᠰᠢᠦᠸᠡᠢ ᠶᠤᠸᠠᠨ ᠨᠠᠮ ᠤᠨ ᠡᠭᠦᠷ ᠤᠨ ᠱᠦᠵᠢ ᠶᠢᠨ ᠠᠵᠢᠯ ᠢ ᠬᠠᠷᠢᠭᠤᠴᠠᠪᠠ᠃      4 ᠰᠠᠷ᠎ᠠ᠂ ᠣᠳᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠤᠪᠢ ᠬᠦᠮᠦᠨ ᠤ ᠡᠵᠡᠩᠨᠡᠵᠦ ᠪᠠᠶᠢᠭᠰᠠᠨ ᠯᠣᠭᠰᠢᠳᠠᠷ ᠤᠨ ᠨᠡᠬᠦᠷᠡᠰᠦᠨ ᠠᠭᠤᠷᠬᠠᠢ ᠶᠢ ᠲᠤᠰᠴᠣ ᠡᠵᠡᠩᠨᠡᠵᠦ ᠦᠭᠡᠷᠡᠴᠢᠯᠡᠯᠳᠡ ᠬᠢᠪᠡ᠃ 5 ᠰᠠᠷ᠎ᠠ ᠳᠤᠷᠤᠨ ᠨᠤᠳᠤᠭ ᠤᠨ ᠣᠯᠣᠰ ᠠᠴᠠ ᠡᠷᠬᠢᠯᠡᠭᠰᠡᠨ ᠣᠳᠤᠭ ᠬᠤᠰᠢᠭᠤᠨ ᠤ ᠨᠡᠭᠦᠷᠡᠰᠦᠨ ᠠᠭᠤᠷᠬᠠᠢ ᠶᠢ ᠪᠠᠶᠢᠭᠤᠯᠵᠤ᠂ ᠺᠠᠩ ᠶᠦᠸᠡᠢ ᠠᠭᠤᠷᠬᠠᠢ ᠶᠢᠨ ᠲᠠᠷᠤᠭ᠎ᠠ ᠶᠢᠨ ᠠᠵᠢᠯ ᠢ ᠬᠠᠷᠢᠭᠤᠴᠠᠪᠠ᠃       ᠲᠤᠰ ᠵᠢᠯ᠂ ᠤᠮᠠᠷᠠᠲᠤ ᠶᠢᠨ ᠭᠠᠵᠠᠷ ᠰᠢᠨᠵᠢᠯᠡᠭᠡᠨ ᠤ ᠲᠤᠪᠴᠢᠶ᠎ᠠ ᠣᠷᠠᠨ ᠲᠦᠰᠢ ᠠᠭᠤᠯᠠᠨ ᠤ ᠭᠠᠵᠠᠷ ᠤᠷᠤᠨ ᠳᠤ ᠪᠦᠬᠦ ᠲᠠᠯ᠎ᠠ ᠶᠢᠨ ᠨᠡᠶᠢᠳᠡᠮ ᠪᠠᠶᠢᠴᠠᠭᠠᠯᠳᠠ ᠬᠢᠪᠡ᠃      1954 ᠣᠨ᠄      7 ᠰᠠᠷ᠎ᠠ᠂ ᠤᠳᠠ ᠶᠢᠨ ᠨᠡᠭᠦᠷᠡᠰᠦᠨ ᠠᠭᠤᠷᠬᠠᠢ ᠶᠢᠨ ᠬᠤᠳᠳᠤᠭ ᠲᠤᠲᠤᠷ᠎ᠠ ᠮᠤᠷᠢ ᠪᠠᠷ ᠨᠡᠭᠦᠷᠡᠰᠦ ᠲᠠᠲᠠᠬᠤ ᠪᠤᠯᠵᠤ᠂ ︽ᠭᠤᠷᠪᠠᠨ ᠬᠦᠯ︾ ᠢᠶᠠᠷ ᠨᠡᠭᠦᠷᠡᠰᠦ ᠡᠭᠦᠷᠬᠦ ᠲᠡᠦᠭᠡ ᠶᠢ ᠡᠴᠦᠰᠯᠡᠭᠦᠯᠪᠡ᠃      12 ᠰᠠᠷ᠎ᠠ ᠶᠢᠨ 23 ᠤ ᠡᠳᠦᠷ᠂ ᠶᠡᠭᠡ ᠵᠤᠤ ᠠᠶᠢᠮᠠᠭ ᠤᠨ ᠠᠷᠠᠳ ᠤᠨ ᠵᠠᠰᠠᠭ ᠤᠨ ᠣᠷᠳᠣᠨ ᠤ ᠤᠷᠠᠨ ᠲᠦᠰᠢ ᠠᠭᠤᠯᠠᠨ ᠤ ᠠᠭᠤᠷᠬᠠᠢ ᠶᠢᠨ ᠤᠷᠤᠨ ᠤ ᠬᠡᠷᠡᠭ ᠡᠷᠬᠢᠯᠡᠬᠦ ᠭᠠᠵᠠᠷ ᠪᠠᠶᠢᠭᠤᠯᠤᠭᠳᠠᠪᠠ᠃      1955 ᠣᠨ᠄      1 ᠰᠠᠷ᠎ᠠ᠂ ᠲᠤᠮᠳᠠᠲᠤ ᠤᠯᠤᠰ ᠤᠨ ᠡᠪ ᠨᠠᠮ ᠤᠨ ᠣᠷᠠᠨ ᠲᠦᠰᠢ ᠠᠭᠤᠯᠠᠨ ᠤ ᠠᠭᠤᠷᠬᠠᠢ ᠶᠢᠨ ᠣᠷᠣᠨ ᠤ ᠵᠦᠪᠯᠡᠯ ᠪᠠᠶᠢᠭᠤᠯᠤᠭᠳᠠᠵᠤ᠂ ᠶᠦᠨ ᠯᠢᠨ ᠱᠦᠵᠢ ᠶᠢᠨ ᠠᠵᠢᠯ ᠢ ᠬᠠᠷᠢᠭᠤᠴᠠᠪᠠ᠃      3 ᠰᠠᠷ᠎ᠠ᠂ ᠤᠳᠠ ᠶᠢᠨ ᠨᠡᠭᠦᠷᠡᠰᠦᠨ ᠠᠭᠤᠷᠬᠠᠢ ᠶᠢᠨ ᠠᠵᠢᠯᠴᠢᠨ ᠯᠢᠦ ᠸᠧᠢ ᠴᠧᠩ ᠭᠠᠨᠰᠣ ᠮᠣᠵᠢ ᠶᠢᠨ ᠬᠦᠳᠡᠯᠮᠦᠷᠢᠴᠢ ᠶᠢᠨ ᠵᠢᠱᠢᠶᠡᠴᠢ ᠪᠠᠷ ᠬᠦᠬᠢᠭᠦᠯᠦᠭᠳᠡᠪᠡ᠃      1956 ᠣᠨ᠄       4 ᠰᠠᠷ᠎ᠠ ᠶᠢᠨ 3 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠠᠴᠠ ᠭᠠᠨᠰᠦ ᠮᠤᠵᠢ ᠶᠢᠨ ᠪᠠᠶᠠᠨᠬᠤᠳᠠ ᠮᠤᠩᠭᠤᠯ ᠦᠪᠡᠷᠳᠡᠭᠡᠨ ᠵᠠᠰᠠᠵᠤ ᠵᠸᠣ ᠪᠤᠯᠤᠨ ᠡᠵᠡᠨ᠎ᠡ ᠬᠤᠰᠢᠭᠤ ᠶᠢ ᠨᠡᠶᠢᠯᠡᠭᠦᠯᠦᠨ ᠪᠠᠶᠠᠨᠨᠠᠭᠤᠷ ᠠᠶᠢᠮᠠᠭ ᠪᠠᠶᠢᠭᠤᠯᠬᠤ ᠪᠠᠷ ᠲᠤᠭᠳᠠᠵᠤ᠂ ᠦᠪᠦᠷ ᠮᠤᠩᠭᠤᠯ ᠤᠨ ᠵᠠᠬᠢᠷᠭ᠎ᠠ ᠳᠤ ᠤᠷᠤᠭᠤᠯᠪᠠ᠂ ᠣᠳᠠ ᠠᠯᠠᠱᠠ ᠬᠤᠰᠢᠭᠤ ᠲᠠᠢ ᠬᠠᠮᠲᠤ ᠳᠤᠨᠢ ᠦᠪᠦᠷ ᠮᠤᠩᠭᠤᠯ ᠤᠨ ᠬᠠᠷᠢᠶᠠᠨ ᠳᠤ ᠣᠷᠣᠪᠠ᠃        ᠲᠤᠰ ᠵᠢᠯ᠂ ᠤᠳᠠ ᠶᠢᠨ  ᠵᠠᠩ ᠬᠤᠩ ᠭᠤᠤ  ᠪᠤᠯᠤᠨ ᠨᠦᠬᠦᠭᠡ ᠨᠢᠭᠡᠨ ᠬᠠᠪᠰᠤᠷᠤᠯᠴᠠᠬᠤ ᠳᠤᠭᠤᠶᠢᠯᠠᠩ  ᠲᠠᠢ ᠨᠡᠶᠢᠯᠡᠨ ︽ᠤᠯᠠᠭᠠᠨᠮᠤᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠤᠷᠰᠢᠶ᠎ᠠ︾ ᠪᠠᠶᠢᠭᠤᠯᠵᠤ᠂ ᠰᠢᠦᠢ ᠱᠧᠩ ᠹᠦ᠋ ᠬᠤᠷᠰᠢᠶᠠᠨ ᠲᠠᠷᠤᠭ᠎ᠠ ᠶᠢᠨ ᠠᠵᠢᠯ ᠢ ᠬᠠᠷᠢᠭᠤᠴᠠᠪᠠ᠃ 8 ᠡᠷᠦᠬᠡ ᠠᠶᠢᠯ ᠲᠠᠢ᠂ 200 ᠭᠠᠷᠤᠢ ᠮᠤ᠋ ᠲᠠᠷᠢᠶᠠᠨ ᠭᠠᠵᠠᠷ  ᠲᠠᠢ᠂ 20 ᠭᠠᠷᠣᠢ ᠬᠥᠯᠭᠡᠨ ᠤᠨᠤᠭ᠎ᠠ ᠲᠠᠢ ᠪᠠᠶᠢᠪᠠ᠃      1957 ᠣᠨ᠄      1 ᠰᠠᠷ᠎ᠠ᠂ ᠣᠳᠠ ᠶᠢᠨ ᠨᠡᠭᠦᠷᠡᠰᠦᠨ ᠠᠭᠤᠷᠬᠠᠢ ᠵᠢᠶᠤᠤ ᠽᠢ ᠭᠸᠤ ᠶᠢᠨ ᠬᠤᠩ ᠹᠠᠩ ᠽᠢ ᠭᠡᠳᠡᠭ ᠭᠠᠵᠠᠷ ᠬᠠᠮᠤᠭ ᠠᠩᠬᠠᠨ ᠤ ᠠᠵ‍‌ᠵᠯᠳᠠᠡ ᠠᠵ‍‌ᠵᠯᠴ‍‌ᠵᠡ ᠤ ᠭᠡᠤᠭᠡᠤᠡ ᠲᠠᠬᠦᠤ ᠨᠠᠷ ᠤᠨ ᠰᠤᠷᠭᠠᠭᠤᠯᠢ ᠶᠢ ᠪᠠᠶᠢᠭᠤᠯᠪᠠ᠂ ᠠᠩᠬᠢ  ᠶᠢᠨ ᠭᠡᠷ ᠨᠢᠭᠡ ᠲᠠᠰᠣᠯᠭ᠎ᠠ᠂1 ᠪᠠᠭᠰᠢ᠂16 ᠰᠣᠷᠣᠭᠴᠢ ᠲᠠᠢ ᠪᠠᠶᠢᠪᠠ᠃     10 ᠰᠠᠷ᠎ᠠ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠣᠷᠣᠨ ᠨᠤᠳᠤᠭ ᠤᠨ ᠤᠯᠤᠰ ᠠᠴᠠ ᠡᠷᠬᠢᠯᠡᠭᠰᠡᠨ ᠤᠳᠠ ᠶᠢᠨ ᠨᠡᠭᠦᠷᠡᠰᠦᠨ ᠠᠭᠤᠷᠬᠠᠢ ᠶᠢᠨ ᠵᠦᠪᠯᠡᠯ ᠢ ᠪᠠᠶᠢᠭᠤᠯᠵᠤ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠪᠠᠶᠠᠨᠨᠠᠭᠤᠷ ᠠᠶᠢᠮᠠᠭ ᠤᠨ ᠠᠶᠢᠮᠠᠭ ᠤᠨ ᠬᠤᠷᠢᠶ᠎ᠡ ᠪᠠᠷ ᠰᠢᠭᠤᠳ ᠬᠠᠷᠢᠶᠠᠯᠠᠭᠤᠯᠵᠤ᠂ ᠶᠠᠩ ᠽᠢ ᠵᠧᠨ ᠱᠦᠵᠢ ᠶᠢᠨ ᠠᠵᠢᠯ ᠢ ᠬᠠᠷᠢᠭᠤᠴᠠᠪᠠ᠃ ᠲᠤᠰ ᠵᠢᠯ ᠳᠤ᠂ ᠤᠳᠠ ᠶᠢᠨ ᠨᠡᠭᠦᠷᠡᠰᠦᠨ ᠠᠭᠤᠷᠬᠠᠢ 46736 ᠲᠤᠨ ᠨᠡᠭᠦᠷᠡᠰᠦ ᠦᠢᠯᠡᠳᠪᠦᠷᠢᠯᠡᠪᠡ᠃     11 ᠤᠨ ᠤ 12 ᠤᠨ ᠡᠳᠦᠷ  ᠲᠤᠮᠳᠠᠲᠤ ᠤᠯᠤᠰ ᠤᠨ ᠡᠪ ᠨᠠᠮ ᠤᠨ ᠣᠷᠠᠨ ᠲᠦᠰᠢ ᠠᠭᠤᠯᠠᠨ ᠤ ᠠᠭᠤᠷᠬᠠᠢ ᠶᠢᠨ ᠣᠷᠣᠨ ᠤ ᠵᠦᠪᠯᠡᠯ ᠠᠴᠠ ᠦᠢᠯᠡᠳᠪᠦᠷᠢ ᠠᠭᠤᠷᠬᠠᠢ ᠠᠵᠤ ᠠᠬᠤᠶᠢᠯᠠᠯ ᠳᠤ ᠰᠣᠷᠳᠠᠯ ᠴᠡᠭᠴᠡᠯᠡᠬᠦ ᠬᠦᠳᠡᠯᠭᠡᠭᠡᠨ ᠬᠢᠭᠡᠳ ᠨᠡᠶᠢᠭᠡᠮ ᠵᠢᠷᠤᠮ ᠤᠨ ᠰᠣᠷᠭᠠᠨ ᠬᠦᠮᠦᠵᠢᠯ ᠤᠨ ᠬᠦᠳᠡᠯᠭᠡᠭᠡᠨ ᠦᠷᠨᠢᠬᠦᠯᠬᠦ ᠰᠢᠢᠳᠪᠦᠷᠢ ᠲᠤᠭᠳᠠᠭᠠᠪᠠ᠃      1958 ᠤᠨ᠄      2 ᠰᠠᠷ᠎ᠠ᠂ ᠣᠳᠠ ᠶᠢᠨ ᠨᠡᠭᠦᠷᠡᠰᠦᠨ ᠠᠭᠤᠷᠬᠠᠢ ᠶᠢᠨ ᠪᠡᠯᠡᠳᠭᠡᠯ ᠤᠨ ᠭᠠᠵᠠᠷ ᠬᠦᠬᠡᠬᠤᠳᠠ ᠳᠤ ᠪᠠᠶᠢᠭᠤᠯᠤᠭᠳᠠᠵᠤ᠂ ᠮᠧᠩ ᠰᠢᠶᠠᠨ ᠪᠡᠯᠡᠳᠭᠡᠯ ᠤᠨ ᠭᠠᠵᠠᠷ ᠤᠨ ᠡᠷᠬᠢᠯᠡᠭᠴᠢ ᠶᠢᠨ ᠠᠵᠢᠯ ᠢ ᠬᠠᠷᠢᠭᠤᠴᠠᠪᠠ᠃      4 ᠰᠠᠷ᠎ᠠ ᠶᠢᠨ 10 ᠤ ᠡᠳᠦᠷ᠂ ᠤᠳᠤᠭ ᠬᠤᠰᠢᠭᠤ 3000 ᠭᠠᠷᠣᠢ ᠬᠦᠮᠦᠨ ᠤ ︽ᠬᠠᠳᠤᠨ ᠭᠤᠤᠯ ᠤᠨ ᠣᠰᠣᠨ ᠠᠰᠢᠭᠯᠠᠯᠳᠠ ᠶᠢᠨ ᠬᠤᠯᠠ ᠳᠠᠶᠢᠯᠠᠬᠤ ᠴᠡᠷᠢᠭ︾ ᠵᠤᠬᠢᠶᠠᠨ ᠪᠠᠶᠢᠭᠤᠯᠵᠤ᠂ ᠮᠠ ᠵᠧᠨ ᠴᠢᠩ ᠤᠯᠠᠨ ᠢ ᠲᠠᠶᠢᠴᠢᠯᠠᠨ ᠤᠷᠠᠨ ᠲᠦᠰᠢ ᠠᠭᠤᠯᠠᠨ ᠤ ᠠᠭᠤᠷᠬᠠᠢ ᠶᠢᠨ ᠤᠷᠤᠨ ᠤ ᠬᠠᠳᠣᠨ ᠭᠤᠤᠯ ᠤᠨ ᠬᠦᠪᠡᠭᠡ ᠲᠠᠭᠠᠤ ᠤᠷᠤᠨ  ᠳᠤ ᠶᠡᠭᠡ ᠬᠡᠮᠵᠢᠶᠡᠨ ᠤ ᠲᠠᠷᠢᠶᠠᠨ ᠭᠠᠵᠠᠷ ᠣᠰᠣᠨ ᠠᠰᠢᠭᠯᠠᠯᠳᠠ ᠶᠢ ᠡᠬᠢᠯᠡᠨ ᠪᠠᠶᠢᠭᠤᠯᠪᠠ᠃ 10 ᠰᠠᠷ᠎ᠠ ᠳᠤ᠂ ᠣᠷᠠᠨ ᠲᠦᠰᠢ ᠠᠭᠤᠯᠠᠨ ᠤ ᠠᠭᠤᠷᠬᠠᠢ ᠶᠢᠨ ᠤᠷᠤᠨ ᠤ ᠬᠠᠶᠢᠷᠣᠪ ᠤᠨ ᠲᠤᠬᠤᠢ ᠶᠢᠨ ᠢᠳᠡᠰᠢᠨ ᠨᠤᠭᠤᠭᠠᠨ ᠤ ᠠᠷᠠᠳ ᠤᠨ ᠭᠦᠩᠱᠧ ᠶᠢ ᠪᠠᠶᠢᠭᠤᠯᠪᠠ᠃      4 ᠰᠠᠷ᠎ᠠ ᠶᠢᠨ 29 ᠤ ᠡᠳᠦᠷ ᠠᠴᠠ 5 ᠰᠠᠷ᠎ᠠ ᠶᠢᠨ 2 ᠤᠨ ᠡᠳᠦᠷ᠂ ᠣᠷᠠᠨ ᠲᠦᠰᠢ ᠠᠭᠤᠯᠠᠨ ᠤ ᠠᠭᠤᠷᠬᠠᠢ ᠶᠢᠨ ᠤᠷᠤᠨ ᠤ ᠠᠩᠬᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠬᠤᠷᠠᠯᠳᠤᠵᠤ᠂ ᠣᠷᠠᠨ ᠲᠦᠰᠢ ᠠᠭᠤᠯᠠᠨ ᠤ ᠠᠭᠤᠷᠬᠠᠠᠢ ᠶᠢᠨ ᠤᠷᠤᠨ ᠤ ᠠᠷᠠᠳ ᠤᠨ ᠵᠦᠪᠯᠡᠯ ᠢ ᠪᠠᠶᠢᠭᠤᠯᠵᠤ᠂ ᠲᠠᠩ ᠪᠤᠤ ᠱᠠᠨ ᠣᠷᠣᠨ ᠤ  ᠳᠠᠷᠤᠭ᠎ᠠ ᠶᠢᠨ ᠠᠵᠢᠯ ᠢ ᠬᠠᠷᠢᠭᠤᠴᠠᠪᠠ᠃      5 ᠰᠠᠷ᠎ᠠ ᠶᠢᠨ 1 ᠤ ᠡᠳᠦᠷ᠂ ᠣᠷᠣᠨ ᠨᠤᠳᠤᠭ ᠤᠨ ᠣᠯᠣᠰ ᠠᠴᠠ ᠡᠷᠬᠢᠯᠡᠭᠰᠡᠨ ᠭᠠᠨᠳᠠᠷᠢ ᠶᠢᠨ ᠲᠤᠭᠤᠯᠭᠠᠨ ᠤ ᠬᠦᠳᠡᠷ ᠤᠨ ᠠᠭᠤᠷᠬᠠᠢ ᠪᠠᠶᠢᠭᠤᠯᠤᠭᠳᠠᠵᠤ᠂ ᠪᠠᠢ ᠴᠧᠩ ᠳ᠋ᠧ ᠠᠭᠤᠷᠬᠠᠢ ᠶᠢᠨ ᠲᠠᠷᠤᠭ᠎ᠠ ᠵᠢᠴᠢ ᠨᠠᠮ  ᠤᠨ ᠡᠭᠦᠷ ᠤᠨ ᠱᠦᠵᠢ ᠶᠢᠨ ᠠᠵᠢᠯ ᠢ ᠬᠠᠷᠢᠭᠤᠴᠠᠪᠠ᠃      6 ᠰᠠᠷ᠎ᠠ ᠶᠢᠨ 15 ᠤ ᠡᠳᠦᠷ᠂ ᠤᠳᠠ ᠶᠢᠨ ᠬᠠᠳᠣᠨ ᠭᠤᠤᠯ ᠤᠨ ᠶᠡᠭᠡ ᠬᠦᠭᠦᠷᠭᠡ ᠶᠢᠨ ᠪᠠᠷᠢᠯᠭ᠎ᠠ ᠶᠢᠨ ᠠᠵᠢᠯ ᠲᠡᠭᠤᠰᠪᠠ᠂ ᠲᠤᠰ ᠬᠦᠭᠦᠷᠭᠡ ᠶᠢ ᠲᠡᠮᠦᠷ ᠵᠠᠮ ᠤᠨ ᠶᠠᠮᠤᠨ ᠤ ᠭᠤᠷᠪᠠᠳᠣᠭᠠᠷ ᠪᠠᠷᠢᠯᠭ᠎ᠠ ᠶᠢᠨ ᠲᠤᠪᠴᠢᠶᠠᠨ ᠤ 8502 ᠴᠡᠷᠢᠭ ᠠᠩᠬᠢ ᠠᠴᠠ ᠲᠠᠭᠠᠭᠠᠴᠢᠯᠠᠨ ᠪᠠᠶᠢᠭᠤᠯᠪᠠ᠃      9 ᠰᠠᠷ᠎ᠠ ᠶᠢᠨ 1 ᠤ ᠡᠳᠦᠷ᠂ ᠶᠡᠭᠡ ᠵᠤᠤ ᠠᠶᠢᠮᠠᠭ ᠠᠴᠠ ᠣᠷᠠᠨ ᠲᠦᠰᠢ ᠠᠭᠤᠯᠠᠨ ᠤ ᠠᠭᠤᠷᠬᠠᠢ ᠶᠢᠨ ᠣᠷᠣᠨ ᠢ ᠤᠳᠤᠭ ᠬᠤᠰᠢᠭᠤ ᠪᠠᠷ ᠬᠠᠮᠢᠶᠠᠷᠠᠭᠤᠯᠪᠠ᠃      9 ᠰᠠᠷ᠎ᠠ ᠶᠢᠨ 17 ᠤ ᠡᠳᠦᠷ᠂ ᠣᠯᠣᠰ ᠤᠨ ᠪᠠᠷᠢᠯᠭ᠎ᠠ ᠶᠢᠨ ᠶᠠᠮᠤᠨ ᠠᠴᠠ ᠶᠡᠭᠡ ᠵᠤᠤ ᠠᠶᠢᠮᠠᠭ ᠤᠨ ᠣᠷᠠᠨ ᠲᠦᠰᠢ ᠶᠢᠨ ᠠᠭᠤᠷᠬᠠᠢ ᠶᠢᠨ ᠣᠷᠣᠨ ᠳᠤ 60 ᠲᠦᠮᠡᠨ ᠲᠤᠨ ᠤ ᠱᠦᠢᠨᠢ ᠶᠢᠨ ᠦᠢᠯᠡᠳᠪᠦᠷᠢ ᠪᠠᠶᠢᠭᠤᠯᠬᠤ ᠰᠢᠢᠳᠪᠦᠷᠢ ᠭᠠᠷᠭᠠᠪᠠ᠃ ᠪᠠᠷᠢᠯᠭ᠎ᠠ ᠶᠢᠨ ᠶᠠᠮᠤᠨ ᠤ ᠬᠤᠶᠠᠳᠣᠭᠠᠷ ᠪᠠᠷᠢᠯᠭ᠎ᠠ ᠶᠢᠨ ᠲᠤᠪᠴᠢᠶᠠᠨ ᠤ ᠲᠡᠳ᠋ ᠲᠤᠪᠴᠢᠶᠠᠨ ᠲᠠᠷᠤᠭ᠎ᠠ ᠲᠢᠶᠠᠨ ᠰᠦᠢ ᠮᠢᠨ ᠪᠡᠯᠡᠳᠬᠡᠯ ᠤᠨ ᠭᠠᠵᠠᠷ ᠤᠨ ᠡᠷᠬᠢᠯᠡᠭᠴᠢ ᠶᠢᠨ ᠲᠤᠰᠢᠶᠠᠯ ᠢ ᠬᠠᠪᠰᠣᠷᠠᠨ ᠡᠭᠦᠷᠭᠡᠯᠡᠵᠦ᠂ ᠪᠠᠷᠢᠯᠭ᠎ᠠ ᠶᠢᠨ ᠲᠤᠪᠴᠢᠶᠠᠨ ᠤ ᠲᠡᠳ᠋ ᠱᠦᠵᠢ ᠯᠢ ᠵᠢᠶᠦ᠋ᠨ ᠵᠢᠶᠧ ᠱᠦᠵᠢ ᠶᠢᠨ ᠲᠣᠰᠢᠶᠠᠯ ᠢ ᠬᠠᠪᠰᠣᠷᠠᠨ ᠡᠭᠦᠷᠭᠡᠯᠡᠪᠡ᠃      9 ᠰᠠᠷ᠎ᠠ ᠶᠢᠨ 21 ᠤ ᠡᠳᠦᠷ᠂ ᠲᠢᠶᠠᠨ᠂ ᠯᠢ ᠵᠡᠷᠭᠡ ᠬᠦᠮᠦᠰ ᠪᠤᠭᠤᠲᠤ ᠠᠴᠠ ᠲᠤᠬᠠᠢ ᠶᠢᠨ ᠭᠠᠵᠠᠷ ᠲᠤ ᠭᠦᠷᠴᠦ ᠢᠷᠡᠪᠡ᠃ 23 ᠤ ᠡᠳᠦᠷ᠂ ᠬᠤᠸᠠ ᠵᠢᠶᠠᠨ ᠪᠦᠲᠦᠭᠡᠨ ᠪᠠᠶᠢᠭᠤᠯᠤᠯᠳᠠ ᠶᠢᠨ ᠲᠠᠪᠤᠳᠣᠭᠠᠷ ᠺᠤᠮᠫᠠᠨᠢ ᠶᠢᠨ ᠲᠦᠷᠦᠭᠦᠨ ᠤ ᠴᠡᠷᠢᠭ ᠠᠩᠬᠢ ᠲᠤᠬᠠᠢ ᠶᠢᠨ ᠭᠠᠵᠠᠷ ᠵᠦᠭ ᠮᠤᠷᠳᠠᠪᠠ᠃      ᠲᠤᠰ ᠰᠠᠷ᠎ᠠ᠂ ᠣᠳᠤᠭ ᠬᠤᠰᠢᠭᠤ ᠪᠤᠯᠤᠨ ᠣᠷᠠᠨ ᠲᠦᠰᠢ ᠶᠢᠨ ᠠᠭᠤᠷᠬᠠᠢ ᠶᠢᠨ ᠣᠷᠣᠨ 6000 ᠭᠠᠷᠣᠢ ᠬᠦᠮᠦᠨ ᠵᠤᠬᠢᠶᠠᠨ ᠪᠠᠶᠢᠭᠤᠯᠵᠤ᠂ ᠴᠡᠭᠡᠯ ᠠᠭᠤᠯᠠ᠂ ᠴᠠᠪᠴᠢᠷ᠂ ᠷᠠᠰᠠᠩ ᠰᠦᠮ᠎ᠡ᠂ ᠬᠠᠷᠠᠩᠭᠤᠢ ᠵᠡᠷᠭᠡ ᠭᠠᠵᠠᠷ ᠤᠯᠠᠨ ᠲᠦᠮᠡᠨᠴᠢ ᠴᠢᠨᠠᠷ ᠲᠠᠢ ᠪᠤᠯᠤᠳ ᠲᠡᠮᠦᠷ ᠬᠠᠶᠢᠯᠠᠭᠤᠯᠬᠤ ᠬᠦᠳᠡᠯᠭᠡᠭᠡᠨ ᠢ ᠦᠷᠨᠢᠭᠦᠯᠪᠡ᠃      ▲ ᠪᠠᠶᠠᠨᠨᠠᠭᠤᠷ ᠠᠶᠢᠮᠠᠭ ᠠᠴᠠ ᠲᠦᠮᠡᠨ ᠬᠦᠮᠦᠨ ᠠᠭᠤᠯᠠᠨ ᠳᠤ ᠭᠠᠷᠴᠣ ᠨᠡᠭᠦᠷᠡᠰᠦ ᠮᠠᠯᠳᠠᠬᠤ ᠬᠦᠳᠡᠯᠭᠡᠭᠡᠨ  ᠢ ᠵᠤᠬᠢᠶᠠᠨ ᠪᠠᠶᠢᠭᠤᠯᠵᠤ ᠤᠳᠠ ᠳᠤ ᠬᠠᠮᠲᠤᠷᠠᠭᠰᠠᠨ ᠶᠡᠭᠡ ᠪᠠᠶᠢᠯᠳᠤᠭᠠᠨ ᠢ ᠶᠠᠪᠤᠭᠳᠠᠭᠤᠯᠪᠠ᠂ ᠪᠠᠶᠠᠨᠨᠠᠭᠤᠷ ᠠᠶᠢᠮᠠᠭ  ᠤᠨ 6 ᠬᠤᠰᠢᠭᠤ ᠰᠢᠶᠠᠨ ᠤ ᠡᠷᠦᠭᠡ ᠶᠢᠨ ᠴᠡᠷᠢᠭ ᠤᠨ ᠬᠤᠷᠢᠶᠠᠨ ᠤ 4600 ᠬᠦᠮᠦᠨ᠂ ᠦᠪᠦᠷ ᠮᠤᠩᠭᠤᠯ ᠤᠨ ᠶᠡᠭᠡ ᠰᠣᠷᠭᠠᠭᠤᠯᠢ ᠲᠤᠰᠬᠠᠢ ᠮᠡᠷᠭᠡᠵᠢᠯ ᠤᠨ ᠰᠣᠷᠭᠠᠭᠤᠯᠢ ᠶᠢᠨ ᠪᠠᠭᠰᠢ ᠰᠣᠷᠣᠭᠴᠢᠳ᠂ ᠪᠠᠶᠢᠭᠤᠯᠭ᠎ᠠ ᠶᠢᠨ ᠺᠠᠳᠠᠷ 1000 ᠬᠦᠮᠦᠨ᠂ ᠪᠤᠭᠤᠲᠤ᠂ ᠺᠠᠢ ᠯᠤᠸᠠᠨ᠂ ᠵᠢᠢ ᠰᠢ᠂ ᠹᠧᠩ ᠹᠧᠩ᠂ ᠾᠧ ᠭᠠᠩ᠂ ᠵᠠᠯᠠᠶᠢᠨᠠᠭᠤᠷ᠂ ᠹᠦ᠋ ᠱᠦᠨ᠂ ᠳ᠋ᠠ ᠲᠦᠩ ᠵᠡᠷᠭᠡ ᠬᠠᠭᠤᠴᠢᠨ ᠨᠡᠭᠦᠷᠡᠰᠦᠨ ᠠᠭᠤᠷᠬᠠᠢ ᠠᠴᠠ ᠲᠤᠰᠠᠯᠠᠭᠰᠠᠨ ᠺᠠᠳᠠᠷ ᠠᠵᠢᠯᠴᠢᠨ1400 ᠬᠦᠮᠦᠨ ᠵᠢᠴᠢ ᠰᠢᠨ᠎ᠡ ᠠᠵᠢᠯᠳᠠᠨ ᠲᠠᠢ ᠬᠠᠮᠲᠤᠷᠠᠭᠰᠠᠨ 11000 ᠬᠦᠮᠦᠨ ᠪᠠᠶᠢᠯᠳᠣᠭᠠᠨ ᠳᠤ ᠤᠷᠤᠯᠴᠠᠪᠠ᠃ ᠬᠠᠮᠲᠤᠷᠠᠭᠰᠠᠨ ᠪᠠᠶᠢᠯᠳᠣᠭᠠᠨ ︽ᠪᠦᠳᠦᠭᠦᠯᠢᠭ ᠰᠦᠷᠦᠭᠯᠡᠯ︾ ᠤᠨ ᠠᠷᠭ᠎ᠠ ᠪᠠᠷ ᠤᠬᠤᠷᠬᠠᠨ ᠬᠤᠭᠤᠴᠠᠭᠠᠨ ᠲᠤᠲᠤᠷ᠎ᠠ 40 ᠬᠤᠤᠰ ᠵᠢᠵᠢᠭ ᠬᠤᠳᠳᠤᠭ ᠪᠤᠯᠤᠨ1 ᠵᠠᠳᠠᠭᠠᠢ ᠨᠡᠭᠦᠷᠡᠰᠦᠨ ᠠᠭᠤᠷᠬᠠᠢ ᠮᠠᠯᠳᠠᠨ ᠭᠠᠷᠭᠠᠪᠠ᠃        ▲ᠤᠳᠠ ᠶᠢᠨ ᠨᠡᠭᠦᠷᠡᠰᠦᠨ ᠠᠭᠤᠷᠬᠠᠢ ᠶᠢᠨ ᠪᠠᠶᠢᠯᠳᠣᠭᠠᠨ ᠳᠤ ᠤᠷᠤᠯᠴᠠᠭᠰᠠᠨ ᠬᠦᠮᠦᠰ᠂ ᠠᠷᠠᠳ ᠤᠨ ᠴᠢᠯᠦᠬᠡᠯᠡᠬᠦ ᠴᠡᠷᠢᠭ ᠤᠨ 8561 ᠴᠡᠷᠢᠭ ᠠᠩᠭᠢ ᠶᠢᠨ ᠲᠡᠮᠵᠢᠯᠭᠡ ᠤᠳᠤᠷᠢᠳᠤᠯᠭ᠎ᠠ ᠲᠤᠤᠷ᠎ᠠ᠂ 26 ᠡᠳᠦᠷ ᠤᠨ ᠲᠤᠳᠤᠷ᠎ᠠ ᠰᠠᠨ ᠳ᠋ᠣᠣ ᠺᠠᠨ ᠠᠴᠠ ᠭᠦ᠋ ᠵᠢᠶᠠ ᠭᠸᠤ ᠶᠢᠨ ᠠᠭᠤᠷᠬᠠᠢ ᠶᠢᠨ ᠣᠷᠣᠨ ᠳᠤ ᠬᠦᠷᠭᠦ 14.4 ᠺᠢᠯᠤᠮᠧᠲᠷ  ᠤᠨ ᠲᠤᠰᠬᠠᠢ ᠬᠡᠷᠡᠭᠯᠡᠯᠳᠡ ᠶᠢᠨ ᠲᠡᠮᠦᠷ ᠵᠠᠮ ᠢ ᠲᠡᠪᠢᠰᠴᠦ ᠲᠠᠭᠤᠰᠪᠠ᠃      10 ᠰᠠᠷ᠎ᠠ ᠶᠢᠨ 1 ᠤ ᠡᠳᠦᠷ᠂ ᠦᠬᠠᠢ ᠣᠷᠣᠨ ᠢᠶᠠᠷ ᠦᠩᠭᠡᠷᠡᠭᠰᠡᠨ ᠪᠤᠤ ᠯᠠᠨ ᠲᠡᠮᠦᠷ ᠵᠠᠮ ᠪᠦᠬᠦ ᠱᠤᠭᠤᠮ  ᠢᠶᠠᠷ ᠭᠠᠯᠲᠤ ᠲᠡᠷᠭᠡ ᠨᠡᠪᠲᠡᠷᠡᠪᠡ᠃      ᠲᠤᠰ ᠰᠠᠷ᠎ᠠ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠶᠡᠭᠡ ᠵᠤᠤ ᠠᠶᠢᠮᠠᠭ ᠤᠨ ᠠᠶᠢᠮᠠᠭ ᠤᠨ ᠬᠤᠷᠢᠶᠠᠨ ᠠᠴᠠ ᠦᠦᠰᠢᠨ ᠬᠤᠰᠢᠭᠤ᠂ ᠬᠠᠩᠭᠢᠨ ᠬᠤᠰᠢᠭᠤ᠂ ᠳ᠋ᠦᠩ ᠱᠧᠩ ᠰᠢᠶᠠᠨ ᠠᠴᠠ4500 ᠬᠦᠮᠦᠨ ᠢ ᠵᠤᠬᠢᠶᠠᠨ ᠪᠠᠶᠢᠭᠤᠯᠵᠤ᠂ ᠤᠳᠤᠭ ᠬᠤᠰᠢᠭᠤ᠂ ᠣᠷᠠᠨ ᠳᠦᠰᠢ ᠠᠭᠤᠯᠠᠨ ᠤ ᠠᠭᠤᠷᠬᠠᠢ ᠶᠢᠨ ᠣᠷᠣᠨ ᠤ6000 ᠬᠦᠮᠦᠨ ᠲᠠᠢ ᠨᠡᠶᠢᠯᠡᠭᠦᠯᠦᠭᠰᠡᠨ ᠪᠤᠯᠤᠳ ᠪᠤᠯᠪᠠᠰᠣᠷᠠᠭᠤᠯᠬᠤ ᠶᠡᠭᠡ ᠴᠡᠷᠢᠭ ᠠᠴᠠ ᠤᠷᠠᠨ ᠲᠦᠰᠢ ᠶᠢᠨ ᠠᠭᠤᠷᠬᠠᠢ  ᠶᠢᠨ ᠤᠷᠣᠨ ᠳᠤ ᠨᠡᠭᠦᠷᠡᠰᠦ ᠮᠠᠯᠳᠠᠬᠤ ᠶᠡᠭᠡ ᠬᠠᠮᠲᠤᠷᠠᠭᠰᠠᠨ ᠪᠠᠶᠢᠯᠳᠣᠭᠠᠨ ᠳᠤ ᠤᠷᠤᠯᠴᠠᠭᠤᠯᠬᠤ ᠰᠢᠢᠳᠪᠦᠷᠢ ᠲᠤᠭᠳᠠᠪᠠ᠃ ᠵᠢᠯᠣᠭᠤᠳᠬᠤ ᠭᠠᠵᠠᠷ ᠢ ᠴᠠᠪᠴᠢᠷ ᠲᠤ ᠪᠠᠶᠢᠭᠤᠯᠵᠤ᠂ ᠠᠶᠢᠮᠠᠭ ᠤᠨ ᠬᠤᠷᠢᠶᠠᠨ ᠤ ᠨᠢᠭᠡᠳᠦᠭᠡᠷ ᠱᠦᠵᠢ ᠵᠤᠤ ᠬᠤᠢ ᠱᠠᠨ ᠶᠡᠷᠦᠩᠬᠡᠢ ᠵᠢᠯᠤᠭᠤᠳᠤᠭᠴᠢ ᠶᠢᠨ ᠲᠤᠰᠢᠶᠠᠯ ᠢ ᠡᠭᠦᠷᠭᠡᠯᠡᠪᠡ᠃      ▲ᠣᠷᠠᠨ ᠲᠦᠰᠢ ᠠᠭᠤᠯᠠᠨ ᠤ ᠠᠭᠤᠷᠬᠠᠢ ᠶᠢᠨ ᠶᠠᠪᠤᠳᠠᠯ ᠤᠨ ᠲᠤᠪᠴᠢᠶᠠᠨ ᠤ ᠪᠡᠯᠡᠳᠭᠡᠯ ᠤᠨ ᠭᠠᠵᠠᠷ ᠢ ᠴᠠᠪᠴᠢᠷ ᠲᠤ ᠪᠠᠶᠢᠭᠤᠯᠪᠠ᠂ ᠰᠢᠶᠧ ᠵᠢᠶᠦ᠋ᠨ ᠪᠡᠯᠡᠳᠭᠡᠯ ᠤᠨ ᠠᠵᠢᠯ ᠢ ᠬᠠᠷᠢᠭᠤᠴᠠᠪᠠ᠃      11 ᠰᠠᠷ᠎ᠠ᠂ ᠤᠳᠠ ᠪᠠᠯᠭᠠᠰᠣ ᠪᠠᠶᠢᠭᠤᠯᠤᠭᠳᠠᠵᠤ᠂ ᠪᠠᠶᠠᠨᠨᠠᠭᠤᠷ ᠠᠶᠢᠮᠠᠭ ᠲᠤ ᠵᠠᠬᠢᠷᠣᠭᠳᠠᠵᠤ᠂ ᠰᠢᠯᠢᠨ ᠪᠠᠯᠭᠠᠰᠣᠨ ᠤ ᠬᠤᠷᠢᠶᠠᠨ ᠤ ᠤᠷᠤᠯᠠᠭᠴᠢ ᠱᠦᠵᠢ ᠪᠤᠯᠪᠠ᠃ ᠲᠠᠷᠠᠭ᠎ᠠ ᠵᠢᠯ ᠤᠨ 12 ᠰᠠᠷ᠎ᠠ ᠳᠤ ᠾᠧ ᠷᠦᠩ ᠰᠢᠩ  ᠪᠠᠯᠭᠠᠰᠣᠨ ᠤ ᠬᠤᠷᠢᠶᠠᠨ ᠤ ᠱᠦᠵᠢ ᠶᠢᠨ ᠲᠤᠰᠢᠶᠠᠯ ᠬᠦᠯᠢᠶᠡᠪᠡ᠃      12 ᠰᠠᠷ᠎ᠠ᠂ ᠣᠳᠠ ᠶᠢᠨ ᠨᠡᠭᠦᠷᠡᠰᠦᠨ ᠠᠭᠤᠷᠬᠠᠢ ᠯᠢᠶᠠᠩ ᠵᠢᠶᠠ ᠭᠸᠤ ᠶᠢᠨ ᠨᠢᠭᠡᠨ ᠮᠠᠶᠢᠬᠠᠨ ᠲᠤᠲᠤᠷ᠎ᠠ 6 ᠺᠢᠯᠤᠸᠠᠲ ᠤᠨ ᠴᠠᠬᠢᠯᠭᠠᠨ ᠭᠠᠷᠭᠠᠬᠤ ᠮᠠᠰᠢᠨ ᠣᠭᠰᠠᠷᠠᠵᠤ᠂ ᠠᠩᠬᠠᠳᠤᠭᠠᠷ ᠤᠳᠠᠭ᠎ᠠ ᠴᠠᠬᠢᠯᠭᠠᠨ ᠬᠡᠷᠡᠯᠲᠦᠯᠭᠡ ᠲᠠᠢ ᠪᠤᠯᠪᠠ᠃      ᠲᠤᠰ ᠵᠢᠯ᠂ ᠤᠯᠠᠭᠠᠨᠮᠤᠳᠤ ᠲᠡᠷᠢᠶᠠᠯᠠᠩ ᠦᠢᠯᠡᠳᠪᠦᠷᠢᠯᠡᠯ ᠤᠨ ᠬᠤᠷᠰᠢᠶ᠎ᠠ ᠪᠠᠷ ᠰᠠᠭᠤᠷᠢ ᠪᠤᠯᠭᠠᠭᠰᠠᠨ ᠤᠳᠠ  ᠶᠢᠨ ᠢᠳᠡᠰᠢᠨ ᠨᠤᠭᠤᠭᠠᠨ ᠤ ᠶᠡᠭᠡ ᠪᠠᠷᠢᠭᠠᠳᠠ ᠪᠠᠶᠢᠭᠤᠯᠤᠭᠳᠠᠵᠤ᠂ ᠠᠨ ᠭᠦᠸᠧ ᠵᠤ᠋ ᠪᠠᠷᠢᠭᠠᠳᠠ ᠶᠢᠨ ᠲᠠᠷᠤᠭ᠎ᠠ ᠪᠤᠯᠵᠤ᠂ ᠭᠠᠳᠠᠷ ᠭᠠᠵᠠᠷ ᠤᠨ ᠬᠦᠮᠦᠨ ᠢ ᠡᠯᠰᠡᠵᠦ ᠠᠳᠠᠷ ᠬᠠᠭᠠᠯᠪᠤᠷᠢᠯᠠᠵᠤ ᠢᠳᠡᠰᠢᠨ ᠨᠤᠭᠤᠭ᠎ᠠ ᠲᠠᠷᠢᠭᠤᠯᠪᠠ᠂ ᠲᠤᠰ ᠵᠢᠯ ᠤᠨ ᠲᠠᠷᠢᠶᠠᠨ ᠭᠠᠵᠠᠷ 1000 ᠮᠤ᠋ ᠳᠤ ᠬᠦᠷᠴᠦ᠂ 600 ᠮᠤ᠋ ᠢᠳᠡᠰᠢᠨ ᠨᠤᠭᠤᠭ᠎ᠠ ᠲᠠᠷᠢᠪᠠ᠃      1959 ᠣᠨ᠄      1 ᠰᠠᠷ᠎ᠠ ᠶᠢᠨ 1 ᠤ ᠡᠳᠦᠷ᠂ ᠬᠠᠶᠢᠷᠣᠪ ᠤᠨ ᠲᠤᠬᠤᠢ ᠠᠴᠠ ᠫᠢᠩ ᠭᠸᠤ ᠬᠦᠷᠭᠦ ᠲᠡᠮᠦᠷ ᠵᠠᠮ ᠤᠨ ᠲᠤᠰᠬᠠᠢ ᠱᠤᠭᠤᠮ ᠢ ᠲᠡᠪᠢᠰᠴᠦ  ᠳᠠᠭᠤᠰᠬᠠᠭᠠᠳ ᠭᠠᠯᠲᠤ ᠲᠡᠷᠭᠡ ᠨᠡᠪᠳᠡᠷᠡᠪᠡ᠃      3 ᠰᠠᠷ᠎ᠠ ᠶᠢᠨ 1 ᠤ ᠡᠳᠦᠷ᠂ ᠬᠠᠶᠢᠷᠣᠪ ᠤᠨ ᠲᠤᠬᠤᠢ ᠶᠢᠨ ᠫᠢᠩ ᠭᠸᠤ᠂ ᠵᠢᠦ ᠳ᠋ᠦᠩ ᠨᠡᠭᠦᠷᠡᠰᠦᠨ ᠠᠭᠤᠷᠬᠠᠢ ᠵᠢᠩᠬᠢᠨᠢ ᠪᠠᠷ ᠦᠢᠯᠡᠳᠪᠦᠷᠢᠯᠡᠪᠡ᠃      3 ᠰᠠᠷ᠎ᠠ ᠶᠢᠨ 30 ᠤ ᠡᠳᠦᠷ᠂ ᠣᠳᠠ ᠶᠢᠨ ᠴᠠᠬᠢᠯᠭᠠᠨ ᠦᠢᠯᠡᠳᠪᠦᠷᠢ ᠶᠢᠨ ᠪᠡᠯᠡᠳᠭᠡᠯ ᠤᠨ ᠭᠠᠵᠠᠷ ᠰᠠᠨ ᠳ᠋ᠣᠣ ᠺᠠᠨ ᠳᠤ ᠪᠠᠶᠢᠭᠤᠯᠤᠭᠳᠠᠵᠤ᠂ ᠲᠤᠮᠲᠠᠳᠣ ᠣᠯᠣᠰ ᠤᠨ ᠡᠪ ᠬᠠᠮᠲᠤ ᠨᠠᠮ ᠤᠨ ᠪᠠᠶᠠᠨᠨᠠᠭᠤᠷ ᠠᠶᠢᠮᠠᠭ ᠤᠨ ᠠᠶᠢᠮᠠᠭ  ᠤᠨ ᠬᠤᠷᠢᠶᠠᠨ ᠠᠴᠠ ᠵᠠ ᠱᠧᠩ ᠴᠢᠤᠸᠠᠨ᠂ ᠱᠠᠩ ᠲᠢᠩ ᠽᠦᠸᠧ ᠶᠢ ᠲᠤᠮᠢᠯᠠᠵᠤ ᠪᠠᠯᠠᠣᠠᠬᠡᠠ ᠪᠠᠶᠢᠭᠤᠯᠬᠤ ᠠᠵᠢᠯ ᠢ ᠬᠠᠷᠢᠭᠤᠴᠠᠭᠤᠯᠪᠠ᠃      ▲ ᠣᠳᠠ ᠶᠢᠨ ᠠᠭᠤᠷᠬᠠᠢ ᠶᠢᠨ ᠶᠠᠪᠤᠳᠠᠯ ᠤᠨ ᠲᠤᠪᠴᠢᠶ᠎ᠠ ᠪᠠᠶᠢᠭᠤᠯᠤᠭᠳᠠᠵᠤ᠂ ᠵᠠᠩ ᠰᠢᠣᠸᠡᠢ ᠷᠣ᠋ ᠲᠤᠪᠴᠢᠶᠠᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ ᠯᠢ ᠴᠠᠩ᠂ ᠮᠧᠩ ᠰᠢᠶᠠᠨ᠂ ᠰᠢᠦᠢ ᠮᠤᠤ ᠲᠡᠳ᠋ ᠲᠤᠪᠴᠢᠶᠠᠨ ᠲᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ ᠪᠠᠶᠠᠨᠨᠠᠭᠤᠷ ᠠᠶᠢᠮᠠᠭ ᠤᠨ ᠠᠶᠢᠮᠠᠭ ᠤᠨ ᠬᠤᠷᠢᠶᠠᠨ ᠤ ᠲᠡᠳ᠋ ᠱᠦᠵᠢ ᠯᠢ ᠰᠢᠶᠠᠩ ᠺᠧ ᠲᠤᠪᠴᠢᠶᠠᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠪᠰᠣᠷᠭᠠᠨ ᠬᠠᠷᠢᠭᠤᠴᠠᠵᠤ᠂ ᠡᠣ ᠵᠧᠩ ᠵᠠᠨ᠂ ᠹᠠᠨ ᠴᠧᠩ ᠮᠤᠤ ᠲᠡᠳ᠋ ᠱᠦᠵᠢ ᠶᠢᠨ ᠲᠤᠰᠢᠶᠠᠯ ᠢ ᠬᠠᠷᠢᠭᠤᠴᠠᠪᠠ᠃      4 ᠰᠠᠷ᠎ᠠ ᠶᠢᠨ1 ᠤ ᠡᠳᠦᠷ᠂ ᠣᠷᠠᠨ ᠲᠦᠰᠢ ᠶᠢᠨ ᠠᠭᠤᠷᠬᠠᠢ ᠶᠢᠨ ᠶᠠᠪᠤᠳᠠᠯ ᠤᠨ ᠲᠤᠪᠴᠢᠶ᠎ᠠ ᠪᠠᠶᠢᠭᠤᠯᠤᠭᠳᠠᠵᠤ᠂ ᠰᠢᠶᠧ ᠵᠢᠶᠦ᠋ᠨ ᠲᠤᠪᠴᠢᠶᠠᠨ ᠲᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ ᠵᠢᠶᠠ ᠢᠦᠢ᠂ ᠮᠠ ᠱᠢ ᠹᠠᠩ ᠲᠡᠳ᠋ ᠲᠤᠪᠴᠢᠶᠠᠨ ᠲᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ ᠪᠠᠶᠠᠨᠨᠠᠭᠤᠷ ᠠᠶᠢᠮᠠᠭ ᠤᠨ ᠠᠶᠢᠮᠠᠭ ᠤᠨ ᠬᠤᠷᠢᠶᠠᠨ ᠤ ᠲᠡᠳ᠋ ᠱᠦᠵᠢ ᠬᠤᠤ ᠸᠧᠨ ᠭᠤᠸᠠᠩ ᠲᠤᠪᠴᠢᠶᠠᠨ ᠤ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ  ᠢ ᠬᠠᠪᠰᠣᠷᠭᠠᠨ ᠬᠠᠷᠢᠭᠤᠴᠠᠵᠤ᠂ ᠹᠧᠩ ᠭᠦᠸᠧ ᠠᠨ᠂ ᠴᠢᠶᠠᠨ ᠹᠧᠨ ᠶᠦᠩ ᠲᠡᠳ᠋ ᠱᠦᠵᠢ ᠶᠢᠨ ᠲᠤᠰᠢᠶᠠᠯ ᠢ ᠬᠠᠷᠢᠭᠤᠴᠠᠪᠠ᠃       4 ᠰᠠᠷ᠎ᠠ ᠶᠢᠨ 10 ᠤ ᠡᠳᠦᠷ᠂ ᠣᠷᠠᠨ ᠲᠦᠰᠢ ᠶᠢᠨ ᠠᠭᠤᠷᠬᠠᠢ ᠶᠢᠨ ᠤᠷᠤᠨ ᠢ ᠰᠢᠶᠠᠨ ᠲᠡᠰ ᠤᠨ ᠪᠠᠶᠢᠭᠤᠯᠤᠮᠵᠢ ᠶᠢᠨ ᠲᠦᠷᠢᠮ ᠢᠶᠠᠷ ᠦᠭᠡᠷᠡᠴᠢᠯᠡᠨ᠂ ᠶᠡᠭᠡ ᠵᠤᠤ ᠠᠶᠢᠮᠠᠭ ᠤᠨ ᠵᠠᠬᠢᠷᠭ᠎ᠠ ᠳᠤ ᠤᠷᠤᠭᠤᠯᠪᠠ᠃      5 ᠰᠠᠷ᠎ᠠ ᠶᠢᠨ2 ᠤᠨ ᠡᠳᠦᠷ᠂ ᠣᠳᠠ ᠶᠢᠨ ᠰᠣᠬᠠᠶᠢᠲᠤ ᠶᠢᠨ ᠨᠡᠭᠦᠷᠡᠰᠦᠨ ᠠᠭᠤᠷᠬᠠᠢ ᠶᠢᠨ ᠨᠢᠭᠡᠳᠦᠭᠡᠷ᠂ ᠬᠤᠶᠠᠳᠣᠭᠠᠷ᠂ ᠭᠤᠷᠪᠠᠳᠣᠭᠠᠷ ᠨᠤᠮᠧᠷᠲᠤ ᠬᠤᠳᠳᠤᠭ ᠢ ᠡᠭᠦᠰᠭᠡᠨ ᠪᠠᠶᠢᠭᠤᠯᠵᠤ᠂ ᠲᠥᠯᠦᠪᠯᠡᠭᠡ ᠶᠢᠨ ᠵᠢᠯ ᠤᠨ ᠨᠡᠭᠦᠷᠡᠰᠦᠨ ᠤ ᠭᠠᠷᠣᠯᠳᠠ 120 ᠲᠦᠮᠡᠨ ᠲᠤᠨ ᠪᠤᠯᠤᠨ᠎ᠠ᠃      7 ᠰᠠᠷ᠎ᠠ ᠶᠢᠨ 1 ᠤ ᠡᠳᠦᠷ᠂ ᠪᠤᠭᠤᠲᠤ ᠶᠢᠨ ᠪᠤᠯᠤᠳ ᠲᠡᠮᠦᠷ ᠤᠨ ᠦᠢᠯᠡᠳᠪᠦᠷᠢ ᠳᠤ ᠲᠤᠰᠠᠯᠠᠬᠤ ᠲᠦᠭᠦᠭᠡᠢ ᠮᠠᠲ᠋ᠧᠷᠢᠶᠠᠯ ᠬᠠᠩᠭᠠᠳᠠᠭ ᠴᠠᠪᠴᠢᠷ ᠤᠨ ᠴᠤᠬᠤᠢ ᠶᠢᠨ ᠴ‍‌ᠵᠯᠠᠭᠤᠡ ᠠᠭᠤᠷᠬᠠᠢ ᠶᠢᠨ ᠡᠮᠦᠨᠡᠲᠦ ᠬᠡᠰᠡᠭ ᠤᠨ ᠮᠠᠯᠳᠠᠬᠤ ᠲᠠᠯᠠᠪᠤᠷ ᠵᠢᠩᠬᠢᠨᠢ ᠪᠠᠷ ᠮᠠᠯᠳᠠᠵᠤ ᠡᠬᠢᠯᠡᠪᠡ᠂ ᠲᠤᠰ ᠵᠢᠯ ᠳᠤ 30 ᠲᠦᠮᠡᠨ ᠲᠤᠨ ᠠᠭᠤᠷᠬᠠᠢ ᠶᠢᠨ ᠴᠢᠯᠠᠭᠤ ᠦᠢᠯᠡᠳᠪᠦᠷᠢᠯᠡᠪᠡ᠃      7 ᠰᠠᠷ᠎ᠠ ᠶᠢᠨ 15 ᠤ ᠡᠳᠦᠷ᠂ ᠤᠳᠠ ᠶᠢᠨ ᠠᠭᠤᠷᠬᠠᠢ ᠶᠢᠨ ᠶᠠᠪᠤᠳᠠᠯ ᠤᠨ ᠲᠤᠪᠴᠢᠶᠠᠨ ᠤ ᠴᠠᠬᠢᠯᠭᠠᠨ ᠭᠠᠷᠭᠠᠬᠤ ᠦᠢᠯᠡᠳᠪᠦᠷᠢ ᠪᠠᠶᠢᠭᠤᠯᠤᠭᠳᠠᠵᠤ᠂1500 ᠺᠢᠯᠤᠸᠠᠲ ᠶᠢᠨ ᠴᠠᠬᠢᠯᠭᠠᠨ ᠭᠠᠷᠭᠠᠬᠤ ᠮᠠᠰᠢᠨ ᠡᠬᠢᠯᠡᠨ ᠴᠠᠬᠢᠯᠭᠠᠨ ᠭᠠᠷᠭᠠᠪᠠ᠃      7 ᠰᠠᠷ᠎ᠠ ᠶᠢᠨ 29 ᠤ ᠡᠳᠦᠷ᠂ ᠤᠳᠠ ᠶᠢᠨ ᠠᠭᠤᠷᠬᠠᠢ ᠶᠢᠨ ᠶᠠᠪᠤᠳᠠᠯ ᠤᠨ ᠲᠤᠪᠴᠢᠶᠠᠨ ᠤ ᠡᠮᠨᠡᠯᠭᠡ ᠶᠢᠨ ᠬᠤᠷᠢᠶ᠎ᠠ ᠵᠢᠶᠤᠤ ᠽᠢ ᠭᠸᠤ ᠶᠢᠨ ᠬᠤᠩ ᠹᠠᠩ ᠽᠢ ᠳᠤ ᠪᠠᠶᠢᠭᠤᠯᠤᠭᠳᠠᠪᠠ᠃      ᠲᠤᠰ ᠰᠠᠷ᠎ᠠ᠂ ᠲᠢᠶᠠᠨᠵᠢᠨ ᠤ ᠲᠠᠪᠤᠳᠤᠭᠠᠷ ᠨᠠᠶᠢᠳᠠᠮ ᠭᠡᠷᠡᠭᠴᠠᠭᠡᠡ ᠤ ᠮᠠᠰ‍‌ᠵᠡ ᠤ ᠤ‍‌ᠵ‍‌ᠵᠯᠠᠤᠠᠪᠤᠷᠢ ᠶᠢ ᠣᠳᠠ ᠳᠤ ᠨᠡᠭᠦᠯᠭᠡᠨ ᠠᠪᠴᠢᠷᠠᠵᠤ᠂ ᠮᠠᠰ‍‌ᠵᠡ ᠴᠠᠭᠢᠯᠭᠠᠡ ᠤ ᠭᠠᠵᠠᠷ ᠲᠠᠢ ᠨᠡᠶᠢᠯᠡᠭᠦᠯᠦᠨ ᠣᠳᠠ ᠶᠢᠨ ᠠᠭᠤᠷᠬᠠᠢ ᠶᠢᠨ ᠶᠠᠪᠤᠳᠠᠯ ᠤᠨ ᠲᠤᠪᠴᠢᠶᠠᠨ ᠤ ᠮᠠᠰ‍‌ᠵᠡ ᠵᠠᠰᠠᠡ ᠰᠠᠯᠪᠢᠬᠦ ᠤ‍‌ᠵ‍‌ᠵᠯᠠᠤᠠᠪᠤᠷᠢ ᠶᠢ ᠪᠠᠶᠢᠭᠤᠯᠪᠠ᠃      ▲ ᠣᠳᠠ ᠶᠢᠨ ᠰᠤᠬᠠᠶᠢᠲᠤ᠂ ᠡᠤ ᠬᠤ᠋ ᠱᠠᠨ᠂ ᠯᠢᠶᠠᠩ ᠵᠢᠶᠠ ᠭᠸᠤ᠂ ᠵᠢᠶᠣᠣ ᠽᠢ ᠭᠸᠤ ᠳᠤ ᠬᠠᠯᠠᠭᠤᠡ ᠭᠢᠵ‍‌ᠵᠭ ᠲᠡᠯᠭᠡᠷᠡᠪᠡ᠂ ᠤᠳᠠ ᠪᠠᠯᠭᠠᠰᠣᠨ ᠳᠤ ᠭᠢᠵ‍‌ᠵᠭ ᠰᠠᠷᠭᠡᠶᠢᠯᠠᠬᠦ  ᠵ‍‌ᠵᠯᠤᠭᠤᠤᠠᠬᠤ ᠭᠠᠵᠠᠷ ᠪᠠᠶᠢᠭᠤᠯᠪᠠ᠃ 10 ᠰᠠᠷ᠎ᠠ ᠳᠤ᠂ ᠪᠠᠶᠠᠨᠨᠠᠭᠤᠷ ᠠᠶᠢᠮᠠᠭ ᠠᠴᠠ 47 ᠬᠦᠮᠦᠨ ᠤ ᠡᠮᠴᠢᠯᠡᠭᠡᠨ ᠤ ᠠᠩᠬᠢ ᠤᠳᠠ ᠳᠤ ᠭᠦᠷᠴᠦ ᠬᠢᠵᠢᠭ ᠰᠡᠷᠭᠡᠶᠢᠯᠡᠬᠦ ᠠᠵᠢᠯ ᠦᠷᠨᠢᠬᠦᠯᠪᠡ᠃      9 ᠰᠠᠷ᠎ᠠ ᠶᠢᠨ 1 ᠤ ᠡᠳᠦᠷ᠂ ᠣᠷᠠᠨ ᠲᠦᠰᠢ ᠶᠢᠨ ᠠᠭᠤᠷᠬᠠᠢ ᠶᠢᠨ ᠣᠷᠣᠨ ᠤ ᠠᠷᠠᠳ ᠤᠨ ᠵᠦᠪᠯᠡᠯ ᠢ ᠷᠠᠰᠠᠩ ᠰᠦᠮ᠎ᠡ ᠠᠴᠠ ᠬᠠᠶᠢᠷᠣᠪ ᠤᠨ ᠲᠤᠬᠤᠢ ᠳᠤ ᠰᠢᠯᠵᠢᠭᠦᠯᠪᠡ᠃      ᠲᠤᠰ ᠰᠠᠷ᠎ᠠ᠂ ᠪᠠᠶᠠᠨᠨᠠᠭᠤᠷ ᠠᠶᠢᠮᠠᠭ ᠤᠨ ᠳ᠋ᠧᠩᠺᠸᠤ ᠰᠢᠶᠠᠨ ᠤ ᠵᠠᠬᠢᠷᠭ᠎ᠠ ᠶᠢᠨ ᠸᠠᠩ ᠶᠤᠸᠠᠨ ᠳ᠋ᠢ ᠶᠢ ᠶᠡᠭᠡ ᠵᠤᠤ ᠠᠶᠢᠮᠠᠭ ᠤᠨ ᠤᠷᠠᠨ ᠲᠦᠰᠢ ᠶᠢᠨ ᠠᠭᠤᠷᠬᠠᠢ ᠶᠢᠨ ᠣᠷᠣᠨ ᠳᠤ ᠰᠢᠯᠵᠢᠭᠦᠯᠦᠨ ᠲᠤᠰᠢᠶᠠᠵᠤ ᠦᠭᠪᠡ᠃      ᠡᠪᠦᠯ  ᠣᠷᠠᠨ ᠲᠦᠰᠢ ᠶᠢᠨ ᠠᠭᠤᠷᠬᠠᠢ ᠶᠢᠨ ᠣᠷᠣᠨ ᠤ ᠣᠯᠣᠰ ᠠᠴᠠ ᠡᠷᠬᠢᠯᠡᠭᠰᠡᠨ ᠢᠳᠡᠰᠢᠨ ᠨᠤᠭᠤᠭᠠᠨ  ᠤ ᠲᠠᠷᠢᠶᠠᠯᠠᠩ ᠤᠨ ᠲᠠᠯᠠᠪᠤᠷ ᠪᠠᠶᠢᠭᠤᠯᠤᠭᠳᠠᠪᠠ᠂110 ᠲᠠᠷᠢᠶᠠᠨ ᠠᠵᠢᠯᠴᠢᠨ ᠲᠠᠢ᠂1300 ᠮᠤ᠋ ᠠᠳᠠᠷ ᠬᠠᠭᠠᠯᠪᠤᠷᠢᠯᠠᠪᠠ᠃      12 ᠰᠠᠷ᠎ᠠ᠂ ᠤᠳᠠ ᠶᠢᠨ ᠣᠯᠣᠰ ᠠᠴᠠ ᠡᠷᠬᠢᠯᠡᠭᠰᠡᠨ ᠢᠳᠡᠰᠢᠨ ᠨᠤᠭᠤᠭᠠᠨ ᠤ ᠲᠠᠷᠢᠶᠠᠯᠠᠩ ᠤᠨ ᠲᠠᠯᠠᠪᠤᠷ ᠪᠠᠶᠢᠭᠤᠯᠤᠭᠳᠠᠪᠠ᠂ ᠵᠤᠤ ᠳ᠋ᠧ ᠬᠠᠢ ᠨᠠᠮ ᠤᠨ ᠬᠤᠷᠢᠶᠠᠨ ᠤ ᠱᠦᠵᠢ ᠶᠢᠨ ᠡᠭᠦᠷᠭᠡ ᠶᠢ ᠬᠠᠷᠢᠭᠤᠴᠠᠪᠠ᠂ ᠪᠦᠬᠦ ᠲᠠᠯᠠᠪᠤᠷ 1365 ᠬᠦᠮᠦᠨ ᠲᠠᠢ᠂ ᠲᠡᠬᠦᠨ ᠤ ᠲᠤᠲᠤᠷ᠎ᠠ ᠠᠵᠢᠯᠳᠠᠨ 1198 ᠬᠦᠮᠦᠨ ᠪᠤᠢ᠃      11~ 12 ᠰᠠᠷ᠎ᠠ᠂ ᠣᠷᠠᠨ ᠲᠦᠰᠢ ᠶᠢᠨ ᠠᠭᠤᠷᠬᠠᠢ ᠶᠢᠨ ᠣᠷᠣᠨ ᠬᠢᠭᠡᠳ ᠤᠳᠠ ᠪᠠᠯᠭᠠᠰᠣ ᠤᠷᠢᠳ ᠬᠤᠵᠢᠳ ᠰᠣᠷᠳᠠᠯ ᠴᠡᠭᠴᠡᠯᠡᠵᠦ ᠪᠠᠷᠠᠭᠤᠨ ᠤ ᠬᠡᠯᠪᠡᠷᠢᠯ ᠢ ᠡᠰᠡᠷᠭᠦᠴᠡᠬᠦ ᠲᠡᠮᠡᠴᠡᠯ ᠦᠷᠨᠢᠬᠦᠯᠵᠦ᠂ 17 ᠨᠡᠷᠡᠰ ᠨᠠᠮ  ᠤᠨ ᠬᠡᠰᠢᠭᠦᠨ ᠺᠠᠳᠠᠷ ᠪᠣᠷᠣᠭᠤᠰᠢᠶᠠᠨ ᠰᠢᠭᠦᠮᠵᠢᠯᠡᠯ ᠬᠦᠷᠳᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号