ᠬᠤᠲᠠ ᠶᠢᠨ ᠵᠠᠰᠠᠭ ᠤᠨ ᠣᠷᠳᠣᠨ ᠤ 2024 ᠣᠨ ᠤ 4 ᠳ᠋ᠣᠭᠡᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/7
     3 ᠰᠠᠷ᠎ᠠ ᠶᠢᠨ 6 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠤᠳᠠ ᠶᠢᠨ ᠵᠠᠰᠠᠭ ᠤᠨ ᠣᠷᠳᠣᠨ ᠤ 2024 ᠣᠨ ᠤ 4 ᠳ᠋ᠣᠭᠡᠷ ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠢᠬᠤᠯᠠ ᠵᠣᠬᠢᠶᠠᠯ ᠪᠣᠯᠣᠨ ᠲᠥᠪ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2023 ᠣᠨ ᠤ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠦᠭᠰᠡᠨ ᠪᠠᠶᠢᠳᠠᠯ ᠵᠡᠷᠭᠡ ᠭᠤᠣᠯᠳᠠᠯᠭ᠎ᠠ ᠲᠠᠢ ᠠᠵᠢᠯ ᠪᠣᠯᠣᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠲᠢᠶᠠᠨᠵᠢᠨ ᠬᠤᠲᠠ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠠᠪᠤᠳᠠᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠢᠭ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ ᠰᠢᠪᠲᠤᠯᠤᠯᠲᠠ ᠶᠢᠨ ᠴᠢᠭ ᠢᠶᠠᠨ ᠣᠨᠣᠪᠴᠢᠲᠠᠶ ᠡᠷᠢᠵᠦ᠂ ᠴᠢᠳᠠᠪᠤᠷᠢᠲᠠᠨ᠂ ᠲᠣᠭᠲᠠᠴᠠ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠡᠭᠦᠷᠭᠡ ᠪᠠᠨ ᠲᠦᠷᠭᠡᠳᠬᠡᠨ ᠠᠬᠢᠭᠤᠯᠵᠤ᠂ ᠠᠵᠤ ᠦᠢᠯᠡᠰ ᠤᠨ ᠳᠡᠭᠡᠳᠦ ᠲᠠᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠳᠠᠰᠢ ᠬᠥᠭᠵᠢᠬᠦ ᠶᠢ ᠠᠬᠢᠭᠤᠯᠬᠤ ᠬᠡᠷᠡᠭᠳᠡᠢ᠃ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠥᠷᠪᠡᠳᠦᠭᠡᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠤᠯᠠᠮᠵᠢᠯᠠᠯᠲᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠲᠦᠷᠭᠡᠨ ᠠᠬᠢᠭᠤᠯᠵᠤ᠂ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠲᠤᠷᠰᠢᠯᠲᠠ ᠶᠢ ᠠᠬᠢᠭᠤᠯᠬᠤ ᠪᠠᠷ ᠠᠵᠠ ᠲᠣᠬᠢᠶᠠᠯ ᠪᠣᠯᠭᠠᠵᠤ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠥᠪᠡᠷ ᠤᠨ ᠦᠷᠳᠡᠭ  ᠢᠶᠠᠨ ᠪᠠᠭᠤᠷᠠᠭᠤᠯᠵᠤ ᠦᠷ᠎ᠡ ᠠᠰᠢᠭ ᠢᠶᠠᠨ ᠨᠡᠮᠡᠭᠳᠡᠭᠦᠯᠬᠦ ᠶᠢ ᠴᠢᠨᠠᠭᠰᠢᠳᠠ ᠳᠡᠮᠵᠢᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ  ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠪᠠᠷ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶᠢᠯᠡᠨ ᠵᠢᠯᠤᠭᠤᠳᠬᠤ ᠴᠢᠨᠠᠷᠲᠠᠢ ᠭᠠᠷᠳᠠᠴᠠ᠂ ᠶᠡᠷᠦᠩᠬᠡᠶᠢᠯᠡᠨ ᠬᠠᠮᠢᠶᠠᠷᠬᠤ ᠴᠢᠨᠠᠷᠲᠠᠢ ᠱᠠᠭᠠᠷᠳᠠᠯᠭ᠎ᠠ ᠪᠣᠯᠭᠠᠬᠤ ᠶᠢ ᠪᠠᠷᠢᠮᠲᠠᠯᠠᠵᠤ᠂ ᠬᠠᠭᠤᠳᠠᠰᠣ ᠲᠤᠰᠢᠶᠠᠬᠤ ᠤᠬᠠᠮᠰᠠᠷ᠂ ᠲᠠᠩᠰᠠ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ 2024 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠤᠨ᠂ ᠬᠠᠷᠠᠯᠲᠠ ᠱᠠᠭᠠᠷᠳᠠᠯᠭ᠎ᠠ  ᠪᠠᠨ ᠴᠢᠩᠭ᠎ᠠ ᠠᠳᠬᠤᠵᠤ᠂ ᠴᠠᠭ ᠬᠤᠭᠤᠴᠠᠭ᠎ᠠ ᠶᠢ ᠡᠵᠡᠮᠳᠡᠨ᠂ ︽ᠬᠦᠯᠢᠶᠡᠵᠦ ᠳᠡᠶᠢᠯᠬᠦ ᠦᠭᠡᠢ︾ ᠪᠠᠴᠢᠮ ᠲᠤᠯᠭᠠᠮ᠎ᠠ ᠰᠡᠳᠬᠢᠯᠭᠡ᠂ ︽ᠤᠳᠠᠭᠠᠨ ᠪᠠᠶᠢᠵᠤ ᠪᠣᠯᠬᠤ ᠦᠭᠡᠢ︾ ᠲᠦᠭᠰᠢᠭᠦᠷᠢᠲᠦ ᠰᠡᠳᠬᠢᠯᠭᠡ ᠪᠠᠷ ᠲᠡᠷᠡ ᠶᠣᠰᠣᠭᠠᠷ ᠨᠢ ᠠᠳᠬᠤᠨ ᠠᠬᠢᠭᠤᠯᠵᠤ᠂ ᠵᠣᠷᠢᠭᠲᠠᠢ ᠪᠠᠷ ᠬᠢᠵᠦ ᠴᠢᠳᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠶᠡᠷᠦᠩᠬᠡᠢ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ᠂ ᠬᠤᠳᠠ ᠶᠢᠨ ᠨᠠᠮ ᠤᠨ ᠬᠤᠷᠢᠶᠠᠨ ᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢᠶᠠᠨ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠲᠠᠷᠢᠶᠠᠯᠠᠩ ᠤᠨ ᠦᠢᠯᠡᠳᠪᠦᠷᠢᠯᠡᠯ ᠤᠨ ︽ᠲᠣᠭᠲᠠᠭᠤᠨ ᠡᠬᠢᠯᠡᠯᠳᠡ︾ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ᠲᠠᠷᠢᠶᠠᠨ ᠭᠠᠵᠠᠷ ᠤᠨ ︽ᠠᠮᠤ ᠪᠤᠳᠠᠭᠠᠨ ᠤ ᠪᠤᠰᠤ ᠪᠣᠯᠭᠠᠬᠤ︾ ᠶᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ᠃ ᠦᠢᠯᠡᠴᠢᠯᠡᠭᠡᠨ ᠤ ᠪᠠᠲᠤᠯᠠᠭ᠎ᠠ ᠪᠠᠨ ᠰᠠᠶᠢᠲᠤᠷ ᠬᠢᠵᠦ᠂ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡ ᠪᠠᠨ ᠴᠢᠨᠠᠭᠰᠢᠳᠠ ᠰᠢᠯᠢᠳᠡᠭᠵᠢᠭᠦᠯᠵᠦ᠂ ᠴᠠᠭ ᠠᠭᠤᠷ ᠤᠨ ᠬᠢᠨᠠᠨ ᠬᠡᠮᠵᠢᠯᠲᠡ ᠶᠢᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠠᠶᠢᠮᠠᠭ ᠬᠤᠳᠠ ᠲᠢᠩᠬᠢᠮ ᠲᠤᠪᠴᠢᠶᠠᠨ ᠤ ᠭᠤᠣᠯ ᠤᠳᠤᠷᠢᠳᠬᠤ ᠺᠠᠳ᠋ᠷᠴᠣᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠦᠬᠠᠢ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2024— 2026 ᠣᠨ︶︾ ︽ᠦᠬᠠᠢ ᠬᠤᠳᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠬᠦ ᠠᠷᠭ᠎ᠠ ᠬᠡᠮᠵᠢᠶ᠎ᠡ ᠨᠦᠭᠦᠳ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号