ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/1
     3 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠤᠭᠳᠠᠯ ᠪᠦᠬᠦᠢ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠭᠧᠩ ᠬᠠᠢ ᠵᠢᠶᠦ᠋ᠨ᠂ ᠭᠦᠸᠧ ᠢ ᠵᠢᠶᠧ᠂ ᠵᠠᠩ ᠸᠧᠢ ᠣᠷᠣᠯᠴᠠᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠣᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ ᠪᠣᠯ ᠨᠢᠭᠡ ᠵᠦᠢᠯ ᠤᠨ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠂ ᠡᠷᠬᠡᠪᠰᠢ ᠥᠨᠳᠥᠷ ᠭᠠᠷᠤᠭ᠎ᠠ ᠠᠴᠠ ᠰᠦᠪᠡᠭᠴᠢᠯᠡᠬᠦ᠂ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠠᠵᠢᠯᠯᠠᠭᠠᠨ ᠵᠡᠷᠭᠡ ᠡᠯ᠎ᠡ ᠵᠦᠢᠯ ᠤᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠦᠵᠡᠬᠦ︾ ᠳᠤ ᠤᠯᠠᠨ ᠬᠡᠷᠡᠭᠯᠡᠬᠦ ᠪᠠᠷ ᠴᠥᠭᠡᠨ᠂ ᠲᠤᠭ᠎ᠠ ᠪᠠᠷᠢᠮᠲᠠ ᠶᠢ ᠴᠤᠭᠯᠠᠭᠤᠯᠬᠤ ᠬᠡᠮᠵᠢᠶ᠎ᠡ ᠪᠠ ᠣᠶᠤᠨᠴᠢᠯᠠᠭᠰᠠᠨ ᠲᠦᠪᠰᠢᠨ ᠥᠨᠳᠥᠷ ᠪᠤᠰᠤ ᠵᠡᠷᠭᠡ ᠠᠰᠠᠭᠤᠳᠠᠯ ᠢ ᠬᠦᠴᠦᠨ ᠢᠶᠠᠨ ᠲᠥᠪᠯᠡᠷᠡᠭᠦᠯᠦᠨ ᠰᠢᠢᠳᠪᠦᠷᠢᠯᠡᠵᠦ᠂ ᠭᠤᠯᠳᠤ ᠪᠠᠷ ᠨᠡᠪᠲᠡᠷᠡᠭᠰᠡᠨ᠂ ᠬᠥᠨᠳᠡᠯᠡᠨ ᠢᠶᠠᠷ ᠬᠠᠮᠵᠢᠯᠴᠠᠭᠰᠠᠨ᠂ ᠪᠦᠬᠦ ᠴᠠᠷᠠᠭ᠎ᠠ ᠪᠠᠷ ᠪᠦᠷᠬᠦᠭᠰᠡᠨ᠂ ᠰᠢᠰᠲ᠋ᠧᠮ ᠢᠶᠠᠷ ᠢᠶᠠᠨ ᠲᠥᠪᠯᠡᠷᠡᠭᠰᠡᠨ ᠣᠶᠤᠨᠲᠤ ᠬᠤᠳᠠ ᠶᠢᠨ ᠬᠠᠮᠢᠶᠠᠷᠤᠯᠲᠠ ᠶᠢᠨ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠢ᠃ ᠣᠶᠤᠨᠲᠤ ᠬᠤᠳᠠ ᠶᠢᠨ ᠠᠵᠢᠯᠯᠠᠭᠠᠨ ᠤ ᠶᠡᠷᠦᠩᠬᠡᠢ ᠲᠥᠰᠥᠯ ᠢᠶᠠᠨ ᠭᠦᠨᠵᠡᠭᠡᠢ ᠰᠤᠳᠤᠯᠤᠨ ᠨᠤᠲᠠᠯᠠᠵᠤ᠂ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠠᠵᠢᠯᠯᠠᠭᠠᠨ ᠤ ᠪᠠᠶᠢᠭᠤᠯᠤᠮᠵᠢ᠂ ᠪᠠᠶᠢᠭᠤᠯᠤᠮᠵᠢ ᠲᠣᠭᠲᠠᠴᠠ᠂ ᠬᠡᠰᠡᠭ ᠤᠨ ᠴᠣᠭᠴᠠᠯᠠᠯᠲᠠ᠂ ᠲᠤᠭ᠎ᠠ ᠪᠠᠷᠢᠮᠲᠠ ᠶᠢᠨ ᠠᠮᠤᠷ ᠲᠦᠪᠰᠢᠨ ᠵᠡᠷᠭᠡ ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠪᠠᠨ ᠲᠣᠳᠣᠷᠬᠠᠶᠢᠯᠠᠵᠤ᠂ ᠣᠶᠤᠨᠲᠤ ᠬᠤᠳᠠ ᠶᠢᠨ ᠥᠨᠳᠥᠷ ᠪᠦᠲᠦᠮᠵᠢᠲᠡᠢ ᠡᠮᠬᠢ ᠵᠢᠷᠤᠮ ᠲᠠᠢ ᠠᠵᠢᠯᠯᠠᠭᠠᠨ ᠢ ᠠᠬᠢᠭᠤᠯᠬᠤ ᠬᠡᠷᠡᠭᠲᠡᠢ᠃ ︽ᠬᠤᠳᠠ ᠶᠢᠨ ᠶᠡᠭᠡ ᠲᠠᠷᠢᠬᠢ︾ ᠶᠡᠭᠡ ᠳ᠋ᠠᠶᠢᠲ᠋ᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠡᠷᠡᠭᠯᠡᠭᠡᠨ ᠤ ᠲᠠᠪᠴᠠᠩ ᠳᠤ ᠲᠦᠰᠢᠭᠯᠡᠵᠦ᠂ ᠭᠤᠣᠯᠳᠠᠯᠭ᠎ᠠ ᠲᠠᠢ ᠬᠦᠷᠢᠶᠡᠨ ᠤ ᠣᠶᠤᠨᠴᠢᠯᠠᠭᠰᠠᠨ ᠪᠠᠶᠢᠭᠤᠯᠤᠯᠲᠠ ᠪᠠᠨ ᠴᠢᠩᠭᠠᠳᠬᠠᠵᠤ᠂ ᠬᠡᠷᠡᠭᠯᠡᠭᠡᠨ ᠤ ᠲᠠᠯᠠᠪᠤᠷ ᠢ ᠤᠯᠠᠮ ᠴᠢᠨᠠᠭᠰᠢᠳᠠ ᠬᠠᠶᠢᠨ ᠰᠦᠪᠡᠭᠴᠢᠯᠡᠵᠦ᠂ ᠬᠡᠷᠡᠭᠯᠡᠭᠡᠨ ᠤ ᠠᠭᠤᠯᠭ᠎ᠠ ᠪᠠᠨ ᠲᠡᠭᠦᠯᠳᠡᠷᠵᠢᠭᠦᠯᠵᠦ᠂ ᠬᠤᠳᠠ ᠶᠢᠨ ︽ᠣᠶᠤᠨᠴᠢᠯᠠᠭᠰᠠᠨ︾ ᠵᠠᠰᠠᠯᠲᠠ ᠶᠢᠨ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠳ᠋ᠠᠶᠢᠲ᠋ᠠ ᠶᠢᠨ ᠡᠬᠢ ᠪᠠᠶᠠᠯᠢᠭ ᠢ ᠰᠠᠯᠠᠭ᠎ᠠ ᠮᠥᠴᠢᠷ ᠠᠯᠤᠰᠯᠠᠵᠤ᠂ ᠬᠦᠷᠢᠶ᠎ᠡ ᠠᠯᠤᠰᠯᠠᠵᠤ᠂ ᠱᠠᠲᠤ ᠳᠠᠪᠬᠤᠷᠭ᠎ᠠ ᠠᠯᠤᠰᠯᠠᠨ ᠨᠡᠶᠢᠳᠬᠡᠬᠦ ᠶᠢ ᠠᠬᠢᠭᠤᠯᠵᠤ᠂ ︽ᠮᠡᠳᠡᠭᠡ ᠵᠠᠩᠭᠢ ᠶᠢᠨ ᠥᠨᠥᠴᠢᠨ ᠠᠷᠠᠯ︾ ᠢ ᠪᠦᠬᠦ ᠬᠦᠴᠦᠨ ᠢᠶᠠᠷ ᠢᠶᠠᠨ ᠡᠪᠳᠡᠵᠦ᠂ ︽ᠳ᠋ᠠᠶᠢᠲ᠋ᠠ ᠶᠢᠨ ᠬᠤᠯᠠᠩ︾ ᠢ ᠨᠤᠷᠠᠭᠠᠵᠤ᠂ ᠳ᠋ᠠᠶᠢᠲ᠋ᠠ ᠶᠢ ᠥᠨᠳᠥᠷ ᠪᠦᠲᠦᠮᠵᠢᠲᠡᠢ ᠡᠮᠬᠢ ᠵᠢᠷᠤᠮ ᠲᠠᠢ ᠴᠤᠭᠯᠠᠭᠤᠯᠬᠤ ᠶᠢ ᠪᠡᠶᠡᠯᠡᠭᠦᠯᠬᠦ ᠬᠡᠷᠡᠭᠲᠡᠢ᠃ ᠳᠡᠭᠡᠭᠰᠢ ᠪᠡᠯᠡ ᠮᠥᠩᠭᠦ ᠣᠯᠬᠤ ᠡᠷᠴᠢᠮ ᠢᠶᠠᠨ ᠴᠢᠩᠭᠠᠷᠠᠭᠤᠯᠵᠤ᠂ ᠣᠶᠤᠨᠲᠤ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠷᠠᠴᠢᠯᠠᠭ᠎ᠠ᠂ ᠡᠵᠡᠩᠨᠡᠯᠲᠡ ᠳᠤ ᠨᠡᠶᠢᠭᠡᠮ ᠤᠨ ᠬᠥᠷᠥᠩᠭᠡ᠂ ᠮᠥᠩᠭᠦᠨ ᠭᠦᠢᠯᠭᠡᠭᠡᠨ ᠤ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ ᠵᠢᠯᠤᠭᠤᠳᠴᠤ᠂ ᠲᠦᠷᠦᠯ ᠵᠦᠢᠯ ᠢ ᠬᠢᠨᠠᠨ ᠬᠠᠷᠭᠤᠭᠤᠯᠬᠤ ᠪᠠ ᠪᠡᠯᠡ ᠮᠥᠩᠭᠦ ᠶᠢ ᠬᠢᠨᠠᠨ ᠬᠠᠮᠢᠶᠠᠷᠬᠤ  ᠪᠠᠨ ᠴᠢᠩᠭᠠᠳᠬᠠᠵᠤ᠂ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠪᠠ ᠡᠬᠢ ᠪᠠᠶᠠᠯᠢᠭ ᠢ ᠪᠦᠷᠢᠯᠭᠡᠬᠦ ᠠᠴᠠ ᠡᠷᠡᠰ ᠵᠠᠶᠢᠯᠠᠰᠬᠢᠬᠦ ᠬᠡᠷᠡᠭᠲᠡᠢ᠃ ᠪᠥᠬᠦ ᠣᠷᠣᠨ ᠤ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠤᠬᠠᠢ ᠶᠢᠨ ᠲᠠᠯᠠᠪᠤᠷ ᠤᠨ ᠬᠤᠷᠠᠯ ᠢ ᠳᠠᠭᠠᠭᠠᠨ ᠡᠷᠭᠢᠯᠡᠬᠦ ᠪᠠᠷ ᠠᠵᠠ ᠲᠣᠬᠢᠶᠠᠯ ᠪᠣᠯᠭᠠᠵᠤ᠂ ᠬᠤᠷᠠᠯ ᠢᠶᠠᠷ ᠰᠢᠨ᠎ᠡ ᠶᠢ ᠡᠭᠦᠳᠬᠦ ᠶᠢ ᠠᠬᠢᠭᠤᠯᠬᠤ᠂ ᠬᠤᠷᠠᠯ ᠢᠶᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠶᠢ ᠪᠠᠷᠢᠮᠲᠠᠯᠠᠨ᠂ ᠨᠢᠭᠡ ᠪᠦᠯᠦᠭ ᠥᠪᠡᠷᠮᠢᠴᠡ ᠣᠨᠴᠠᠯᠢᠭ ᠲᠠᠢ᠂ ᠳᠡᠯᠭᠡᠷᠡᠭᠦᠯᠵᠦ ᠪᠣᠯᠬᠤ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠯᠠᠰ ᠴᠢᠭ ᠢ ᠬᠦᠴᠦᠯᠡᠨ ᠪᠣᠶ ᠪᠣᠯᠭᠠᠵᠤ᠂ ᠦᠬᠠᠢ ᠶᠢᠨ ᠴᠣ ᠰᠢᠨ᠎ᠡ ᠬᠤᠲᠠ ᠶᠢᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号