ᠮᠠᠨ ᠤ ᠬᠤᠲᠠ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/10
     4 ᠰᠠᠷ᠎ᠠ ᠶᠢᠨ 9 ᠤ ᠡᠳᠦᠷ᠂ ᠮᠠᠨ ᠤ ᠬᠤᠳᠠ 2024 ᠣᠨ ᠤ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠧᠢ ᠶᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠠ ᠬᠤᠷᠠᠯ ᠠᠴᠠ ︽ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢ ᠰᠠᠶᠢᠲᠤᠷ ᠪᠠᠶᠢᠭᠤᠯᠬᠤ ᠶᠢ ᠪᠦᠬᠦ ᠬᠤᠳᠠ ᠶᠢᠨ ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ ᠤᠨ ᠨᠢᠭᠡ ᠪᠣᠯᠭᠠᠵᠤ᠂ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠡᠨᠡ ᠵᠢᠯ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠭᠦᠷᠭᠡ ᠶᠢᠨ ᠨᠠᠷᠢᠨ ᠳᠠᠩᠰᠠ ᠶᠢ ᠪᠠᠶᠢᠭᠤᠯᠵᠤ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠤᠯᠠᠨ ᠲᠦᠮᠡᠨ ᠤ ᠳᠤᠷᠠᠳᠤᠭᠰᠠᠨ ᠠᠰᠠᠭᠤᠳᠠᠯ ᠢ ᠰᠡᠳᠬᠢᠯ ᠲᠠᠯᠪᠢᠨ ᠰᠢᠢᠳᠪᠦᠷᠢᠯᠡᠵᠦ᠂ ᠴᠢᠭ ᠠᠴᠠ ᠴᠢᠭ ᠲᠤ ᠬᠦᠷᠴᠦ ᠡᠯ᠎ᠡ ᠵᠦᠢᠯ ᠤᠨ ᠠᠵᠢᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ︔ ᠣᠷᠣᠨ ᠪᠦᠰᠡ᠂ ᠰᠢᠰᠲ᠋ᠧᠮ ᠬᠡᠰᠡᠭ ᠪᠣᠯᠣᠨ ᠰᠠᠯᠠᠭ᠎ᠠ ᠮᠥᠴᠢᠷ ᠤᠨ ᠬᠤᠭᠤᠷᠣᠨᠳᠣᠬᠢ ᠵᠠᠭᠠᠭ ᠬᠢᠵᠠᠭᠠᠷ ᠢ ᠨᠠᠪᠲᠠᠷᠡᠭᠦᠯᠵᠦ᠂ ᠬᠡᠶᠢᠰᠪᠦᠷᠢ ᠠᠵᠢᠯ ᠢ ᠬᠥᠭᠡᠭᠡᠴᠡᠯᠳᠦᠬᠦ ᠦᠭᠡᠢ ᠪᠠᠷ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠡᠯ᠎ᠡ ᠲᠤᠷᠰᠢᠯᠲᠠ ᠶᠢᠨ ᠴᠢᠭ ᠤᠨ ᠠᠮᠢᠳᠤᠷᠠᠯ ᠤᠨ ᠬᠦᠷᠢᠶ᠎ᠡ ᠶᠢᠨ ᠪᠣᠳᠠᠲᠠᠢ ᠪᠠᠶᠢᠳᠠᠯ ᠲᠠᠢ ᠨᠢ ᠤᠶᠠᠯᠳᠤᠭᠤᠯᠵᠤ᠂ ︽ᠬᠦᠷᠢᠶ᠎ᠡ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ︾ ᠪᠠᠷ ᠳᠤᠲᠠᠭᠤᠳᠠᠯ ᠢᠶᠠᠨ ᠣᠨᠣᠪᠴᠢᠲᠠᠢ ᠨᠥᠬᠦᠪᠦᠷᠢᠯᠡᠵᠦ᠂ ︽ᠨᠢᠭᠡ ᠬᠦᠷᠢᠶ᠎ᠡ ᠳᠤ ᠤᠯᠠᠨ ᠴᠢᠳᠠᠪᠤᠷᠢ ᠲᠠᠢ︾ ᠪᠠᠷ ᠡᠷᠴᠢᠮᠵᠢᠭᠦᠯᠦᠨ ᠬᠥᠭᠵᠢᠭᠦᠯᠵᠦ᠂ ︽ᠤᠯᠠᠨ ᠬᠦᠷᠢᠶ᠎ᠡ ᠶᠢ ᠨᠢᠭᠡᠳᠬᠡᠬᠦ︾ ᠪᠠᠷ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠨᠡᠶᠢᠭᠡᠮ ᠤᠨ ᠪᠡᠯᠡ ᠮᠥᠩᠭᠦ ᠶᠢ ᠬᠥᠲᠥᠯᠥᠨ ᠵᠢᠯᠤᠭᠤᠳᠴᠤ ᠪᠠᠶᠢᠭᠠᠳ ᠬᠠᠮᠲᠤ ᠪᠠᠷ ᠪᠠᠶᠢᠭᠤᠯᠬᠤ ᠳᠤ ᠣᠷᠣᠯᠴᠠᠭᠤᠯᠵᠤ᠂ ᠠᠮᠢᠳᠤᠷᠠᠯ ᠤᠨ ᠬᠦᠷᠢᠶ᠎ᠡ ᠪᠠᠷ ᠤᠯᠠᠨ ᠲᠦᠮᠡᠨ ᠤ ᠬᠡᠷᠡᠭᠴᠡᠭᠡ ᠶᠢ ᠨᠡᠩ ᠰᠠᠶᠢᠨ ᠬᠠᠩᠭᠠᠬᠤ ᠬᠡᠷᠡᠭᠲᠡᠢ︔ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠦᠲᠦᠭᠡᠨ ᠪᠠᠶᠢᠭᠤᠯᠤᠯᠲᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢᠶᠠᠨ ᠤᠯᠠᠮ ᠨᠢᠭᠡ ᠠᠯᠬᠤᠮ ᠥᠷᠭᠡᠳᠬᠡᠨ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠪᠠᠨ ᠥᠷᠭᠡᠳᠬᠡᠵᠦ᠂ ᠰᠠᠭᠤᠭᠠᠯᠢ ᠠᠷᠠᠳ ᠤᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠬᠤ ᠳᠤ ᠣᠷᠣᠯᠴᠠᠬᠤ ᠢᠳᠡᠪᠬᠢᠵᠢᠯ ᠢ ᠨᠢ ᠳᠡᠭᠡᠭᠰᠢᠯᠡᠭᠦᠯᠦᠨ᠂ ᠰᠠᠭᠤᠭᠠᠯᠢ ᠠᠷᠠᠳ ᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢᠨ ᠲᠥᠬᠦᠮ ᠨᠥᠬᠦᠴᠡᠯ ᠢ ᠪᠡᠶ᠎ᠡ ᠪᠠᠷ ᠢᠶᠠᠨ ᠮᠡᠳᠡᠷᠡᠭᠦᠯᠵᠦ᠂ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠳᠤ ᠪᠥᠬᠦ ᠠᠷᠠᠳ ᠢᠶᠠᠷ ᠢᠶᠠᠨ ᠣᠷᠣᠯᠴᠠᠬᠤ ᠠᠵᠢᠯ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠥᠬᠦ ᠬᠤᠲᠠ ᠶᠢᠨ 2023 ᠣᠨ ᠤ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠮᠡᠳᠡᠭᠳᠡᠵᠦ᠂ ᠭᠤᠷᠪᠠᠨ ᠲᠣᠭᠤᠷᠢᠭ ᠤᠨ ᠬᠢᠨ 2024 ᠣᠨ ᠤ ᠠᠵᠢᠯ ᠤᠨ ᠲᠥᠯᠥᠪᠯᠡᠭᠡ ᠵᠢᠴᠢ ᠭᠤᠣᠯᠳᠠᠯᠭ᠎ᠠ ᠲᠠᠢ ᠡᠭᠦᠷᠭᠡ ᠲᠣᠭᠲᠠᠭᠠᠭᠰᠠᠨ ᠪᠠᠶᠢᠳᠠᠯ ᠢᠶᠠᠨ ᠲᠠᠰ ᠳᠠᠷᠠᠭᠠᠯᠠᠨ ᠬᠠᠷᠢᠭᠤ ᠮᠡᠳᠡᠭᠦᠯᠵᠦ᠂ ᠬᠤᠳᠠᠯᠳᠤᠭᠠᠨ ᠤ ᠲᠣᠭᠤᠷᠢᠭ ᠤᠨ ᠬᠤᠯᠪᠣᠭ᠎ᠠ᠂ ᠯᠧ ᠯᠢᠨ ᠴᠤᠭᠯᠠᠭ᠎ᠠ ᠮᠠᠶᠢᠮᠠᠢ ᠵᠡᠷᠭᠡ ᠳᠥᠷᠪᠡᠨ ᠲᠥᠷᠥᠯ ᠵᠦᠢᠯ ᠤᠨ ᠬᠠᠷᠢᠭᠤᠴᠠᠯᠭᠠᠲᠠᠨ ᠶᠠᠷᠢᠶ᠎ᠠ ᠲᠠᠯᠪᠢᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号