ᠹᠧᠩ ᠰᠢᠤᠸᠠᠢ ᠲᠤᠸ ᠪᠦᠯᠬᠦᠮ ᠳᠠᠭᠠᠭᠤᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠠᠷᠭᠤ ᠶᠢᠨ ᠢᠷᠡᠯᠲᠡ ᠶᠢ ᠵᠠᠰᠠᠬᠤ ᠠᠵᠢᠯ ᠳᠤ ᠣᠷᠣᠯᠴᠠᠭᠰᠠᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2024/4/10
     4 ᠰᠠᠷ᠎ᠠ ᠶᠢᠨ 9 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠸ ᠪᠦᠯᠬᠦᠮ ᠳᠠᠭᠠᠭᠤᠯᠤᠨ ᠮᠠᠨ ᠤ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠠᠷᠭᠤ ᠶᠢᠨ ᠢᠷᠡᠯᠲᠡ ᠶᠢ ᠵᠠᠰᠠᠬᠤ ᠠᠵᠢᠯ ᠳᠤ ᠣᠷᠣᠯᠴᠠᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠰᠥᠩ ᠶᠤᠸᠠᠢ ᠰᠢᠶᠠ ᠪᠠᠷ᠎ᠠ ᠪᠣᠯᠵᠤ ᠪᠠᠶᠢᠴᠠᠭᠠᠨ ᠰᠣᠳᠣᠯᠣᠯᠳᠠ ᠬᠢᠪᠡ᠃      ᠹᠧᠩ ᠰᠢᠤᠸᠠᠢ ᠲᠤᠤ ᠨᠠᠷ ᠤᠷᠢᠳ ᠬᠤᠵᠢᠳ ᠬᠠᠶᠢᠷᠤᠪ ᠤᠨ ᠲᠣᠬᠤᠢ ᠲᠣᠭᠤᠷᠢᠭ ᠤᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠡᠶᠡᠳᠡᠭᠦᠯᠬᠦ ᠲᠥᠪ᠂ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠮᠠᠲ᠋ᠧᠷᠢᠶᠠᠯ ᠢ ᠨᠢ ᠪᠠᠶᠢᠴᠠᠭᠠᠨ ᠦᠵᠡᠬᠦ ᠪᠠᠷ ᠳᠠᠮᠵᠢᠭᠤᠯᠵᠤ᠂ ︽ᠰᠢᠭᠦᠬᠦ ᠬᠤᠷᠢᠶ᠎ᠠ+ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ︾ ᠶᠢᠨ ᠵᠠᠭᠠᠯᠳᠤᠬᠤ ᠠᠴᠠ ᠡᠮᠦᠨᠡᠬᠢ ᠡᠶᠡᠳᠡᠭᠦᠯᠬᠦ ᠲᠣᠭᠲᠠᠴᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠳᠤ ᠬᠢᠨᠠᠯᠲᠠ ᠲᠠᠯᠪᠢᠬᠤ ᠠᠵᠢᠯ ᠤᠨ ᠪᠠᠶᠢᠷᠢ ᠶᠢᠨ ᠪᠠᠶᠢᠭᠤᠯᠤᠯᠲᠠ ᠶᠢᠨ ᠠᠵᠢᠯᠯᠠᠭᠠᠨ ᠪᠠ ᠠᠵᠢᠯ ᠤᠨ ᠥᠷᠨᠢᠯᠲᠡ ᠶᠢᠨ ᠪᠠᠶᠢᠳᠠᠯ ᠢ ᠨᠢ ᠨᠠᠷᠢᠨ ᠣᠶᠢᠯᠠᠭᠠᠬᠤ ᠶᠢᠨ ᠬᠠᠮᠲᠤ ᠠᠵᠢᠯ ᠢᠶᠠᠨ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠭᠤᠯᠭ᠎ᠠ ᠳᠤᠷᠠᠳᠪᠡ᠃      ᠹᠧᠩ ᠰᠢᠤᠸᠠᠢ ᠲᠤᠸ ᠬᠡᠯᠡᠭᠰᠡᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠠᠷᠭᠤ ᠶᠢᠨ ᠢᠷᠡᠯᠲᠡ ᠶᠢ ᠵᠠᠰᠠᠬᠤ ᠳᠤ ᠣᠷᠣᠯᠴᠠᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠶᠢᠨ ᠰᠢᠨ᠎ᠡ ᠶᠢ ᠡᠭᠦᠳᠬᠦ ᠠᠵᠢᠯ ᠤᠨ ᠠᠷᠭ᠎ᠠ ᠬᠡᠮᠵᠢᠶ᠎ᠡ ᠮᠥᠨ᠂ ᠡᠨᠡ ᠨᠢ ᠠᠷᠠᠳᠴᠢᠯᠠᠯ ᠢᠶᠠᠷ ᠬᠠᠤᠯᠢ ᠪᠠᠷᠢᠬᠤ ᠶᠢ ᠠᠬᠢᠭᠤᠯᠬᠤ᠂ ᠲᠥᠪ ᠭᠤᠥᠯᠴᠢ ᠪᠠᠷ ᠬᠠᠤᠯᠢ ᠪᠠᠷᠢᠬᠤ ᠶᠢ ᠠᠬᠢᠭᠤᠯᠬᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠪᠠᠨ ᠨᠡᠮᠡᠭᠳᠡᠭᠦᠯᠬᠦ ᠳᠤ ᠠᠰᠢᠭᠲᠠᠶ ᠶᠤᠮ᠃ ᠵᠥᠷᠢᠴᠡᠯ ᠵᠠᠭᠤᠷᠠᠯᠳᠤᠭᠠᠨ ᠢ ᠤᠷᠢᠳᠴᠢᠯᠠᠨ ᠰᠡᠷᠭᠡᠶᠢᠯᠡᠵᠦ ᠰᠢᠢᠳᠪᠦᠷᠢᠯᠡᠬᠦ ᠳᠤᠮᠳᠠᠬᠢ ᠡᠶᠡᠳᠡᠭᠦᠯᠭᠡ ᠶᠢᠨ ᠰᠠᠭᠤᠷᠢ ᠴᠢᠨᠠᠷᠲᠠᠢ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠲᠠᠰᠤᠷᠠᠯᠲᠠ ᠦᠭᠡᠢ ᠬᠥᠲᠥᠯᠥᠨ ᠵᠢᠯᠤᠭᠤᠳᠴᠤ ᠪᠠᠶᠢᠭᠠᠳ ᠵᠥᠷᠢᠴᠡᠯ ᠵᠠᠭᠤᠷᠠᠯᠳᠤᠭᠠᠨ ᠢ ᠤᠷᠢᠳᠴᠢᠯᠠᠨ ᠰᠡᠷᠭᠡᠶᠢᠯᠡᠬᠦ᠂ ᠳᠠᠷᠠᠭᠠᠯᠠᠨ ᠪᠠᠶᠢᠴᠠᠭᠠᠬᠤ᠂ ᠰᠢᠢᠳᠪᠦᠷᠢᠯᠡᠬᠦ ᠪᠦᠬᠦ ᠶᠠᠪᠤᠴᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠵᠥᠷᠢᠴᠡᠯ ᠵᠠᠭᠤᠷᠠᠯᠳᠤᠭᠠᠨ ᠢ ᠤᠷᠢᠳᠴᠢᠯᠠᠨ ᠰᠡᠷᠭᠡᠶᠢᠯᠡᠵᠦ ᠰᠢᠢᠳᠪᠦᠷᠢᠯᠡᠬᠦ ᠬᠠᠤᠯᠢᠵᠢᠯ ᠤᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠲᠠᠪᠴᠠᠩ ᠤᠨ ᠦᠢᠯᠡᠳᠦᠯ ᠢᠶᠠᠨ ᠪᠠᠳᠠᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠢᠯ ᠤᠨ ᠥᠷᠲᠡᠭᠡ ᠴᠢᠭ ᠤᠨ ᠵᠥᠭᠡᠯᠡᠨ ᠬᠠᠲᠠᠭᠤ ᠲᠣᠨᠤᠭ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠨ᠂ ᠲᠡᠭᠦᠨ ᠢ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠬᠤ ᠪᠦᠲᠦᠮᠵᠢᠲᠡᠶ ᠠᠷᠭ᠎ᠠ ᠵᠠᠮ ᠪᠣᠯᠭᠠᠨ ᠥᠷᠭᠡᠳᠬᠡᠵᠦ᠂ ᠬᠢᠨᠠᠯᠲᠠ ᠲᠠᠯᠪᠢᠬᠤ ᠡᠷᠴᠢᠮ ᠢᠶᠠᠷ ᠠᠷᠠᠳ ᠤᠨ ᠠᠮᠢᠳᠤᠷᠠᠯ ᠤᠨ ᠳᠤᠯᠠᠭᠠᠨ ᠤ ᠬᠡᠮᠵᠢᠶ᠎ᠡ ᠶᠢ ᠨᠢ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠤᠯᠠᠨ ᠲᠦᠮᠡᠨ ᠲᠠᠢ ᠬᠠᠷᠢᠯᠴᠠᠬᠤ᠂ ᠤᠯᠠᠨ ᠲᠦᠮᠡᠨ ᠳᠤ ᠦᠢᠯᠡᠴᠢᠯᠡᠬᠦ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠴᠤᠩᠬᠤᠪᠴᠢ ᠪᠠᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢᠶᠠᠨ ᠰᠢᠯᠢᠳᠡᠭᠵᠢᠭᠦᠯᠬᠦ ᠨᠢᠭᠡᠳᠦᠭᠡᠷ ᠹᠷᠣᠨᠲ ᠲᠤ ᠬᠦᠷᠲᠡᠯ᠎ᠡ ᠥᠷᠭᠡᠳᠬᠡᠵᠦ᠂ ᠬᠦᠴᠦᠲᠡᠢ ᠪᠥᠭᠡᠳ ᠪᠦᠲᠦᠮᠵᠢᠲᠡᠶ ᠬᠢᠨᠠᠯᠲᠠ ᠲᠠᠯᠪᠢᠬᠤ ᠠᠵᠢᠯᠯᠠᠭ᠎ᠠ ᠪᠠᠷ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠠᠵᠢᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠴᠠᠭ ᠲᠤᠬᠠᠢ ᠳᠤᠨᠢ ᠳ᠋ᠦᠩᠨᠡᠨ ᠪᠣᠯᠪᠠᠰᠤᠷᠠᠭᠤᠯᠬᠤ ᠪᠠ ᠳᠡᠯᠭᠡᠷᠡᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠲᠣᠯᠢ ᠪᠣᠯᠭᠠᠵᠤ ᠪᠣᠯᠬᠤ᠂ ᠳᠡᠯᠭᠡᠷᠡᠭᠦᠯᠵᠦ ᠪᠣᠯᠬᠤ ᠦᠬᠠᠢ ᠶᠢᠨ ᠲᠤᠷᠰᠢᠯᠭ᠎ᠠ ᠶᠢ ᠰᠦᠪᠡᠭᠴᠢᠯᠡᠨ ᠡᠭᠦᠳᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号