ᠲᠠᠩ ᠢ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠳᠤ ᠬᠦᠷᠴᠦ ᠲᠤᠬᠠᠢ ᠶᠢᠨ ᠲᠠᠯᠠᠪᠠᠢ ᠳᠤ ᠠᠵᠢᠯᠯᠠᠵᠤ ᠬᠦᠷᠢᠶᠡᠯᠡᠩ ᠲᠣᠭᠤᠷᠢᠭ ᠤᠨ ᠬᠥᠭᠵᠢᠯᠲᠡ ᠪᠠ ᠠᠵᠤ ᠠᠬᠤᠶᠢᠯᠠᠯ ᠤᠨ ᠲᠤᠰᠬᠠᠭᠰᠠᠨ ᠬᠦᠴᠢᠷᠳᠡᠯ ᠲᠠᠢ ᠠᠰᠠᠭᠤᠳᠠᠯ ᠢ ᠨᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2024/4/10
     4 ᠰᠠᠷ᠎ᠠ ᠶᠢᠨ 9 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠤᠷᠤᠨ ᠤ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠪᠠᠶᠢᠳᠠᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠬᠦᠷᠢᠶᠡᠯᠡᠩ ᠲᠣᠭᠤᠷᠢᠭ ᠤᠨ ᠬᠥᠭᠵᠢᠯᠲᠡ ᠪᠣᠯᠣᠨ ᠠᠵᠤ ᠠᠬᠤᠶᠢᠯᠠᠯ ᠤᠨ ᠲᠤᠰᠬᠠᠭᠰᠠᠨ ᠬᠦᠴᠢᠷᠳᠡᠯ ᠲᠠᠢ ᠠᠰᠠᠭᠤᠳᠠᠯ ᠢ ᠨᠢ ᠲᠤᠬᠠᠢ ᠶᠢᠨ ᠲᠠᠯᠠᠪᠠᠢ ᠳᠤ ᠰᠤᠳᠤᠯᠤᠨ ᠰᠢᠢᠳᠪᠦᠷᠢᠯᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠣᠣ ᠪᠠᠶᠢᠴᠠᠭᠠᠨ ᠰᠤᠳᠤᠯᠤᠯᠲᠠ ᠳᠤ ᠣᠷᠣᠯᠴᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠤ᠂ ᠬᠤᠲᠠ ᠶᠢᠨ ᠳᠡᠳ᠋ ᠳᠠᠷᠤᠭ᠎ᠠ ᠭᠤᠣ ᠪᠥᠸᠧ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃

     ᠦᠳᠡ ᠶᠢᠨ ᠡᠮᠦᠨ᠎ᠡ᠂ ᠲᠠᠩ ᠢ᠂ ᠼᠦᠢ ᠵᠢᠩ ᠶᠢᠩ ᠨᠠᠷ ᠤᠷᠢᠳ ᠬᠤᠵᠢᠳ ᠶᠦᠩ ᠲᠠᠢ ᠬᠢᠮᠢ ᠶᠢᠨ ᠺᠣᠮᠫᠠᠨᠢ᠂

ᠰᠠᠨ ᠸᠧᠢ ᠰᠢᠨ᠎ᠡ ᠮᠠᠲ᠋ᠧᠷᠢᠶᠠᠯ ᠤᠨ ᠺᠣᠮᠫᠠᠨᠢ᠂ ᠬᠤᠸᠠ ᠾᠧᠩ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ

ᠺᠣᠮᠫᠠᠨᠢ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠠᠲᠠᠭᠤ ᠪᠡᠶᠡᠲᠦ ᠬᠠᠶᠠᠭᠳᠠᠮᠠᠯ

ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ᠂ ᠭᠤᠸᠠᠩ ᠶᠢᠨ ᠰᠢᠨ᠎ᠡ ᠮᠠᠲ᠋ᠧᠷᠢᠶᠠᠯ ᠤᠨ

ᠺᠣᠮᠫᠠᠨᠢ᠂ ᠠᠵᠤ ᠦᠢᠯᠡᠳᠪᠦᠷᠢ ᠶᠢᠨ ᠢᠵᠢ ᠪᠦᠷᠢᠳᠦᠭᠦᠯᠬᠦ ᠦᠢᠯᠡᠴᠢᠯᠡᠭᠡᠨ ᠤ ᠲᠣᠭᠤᠷᠢᠭ ᠤᠨ ᠡᠨᠧᠷᠭᠢ ᠶᠢᠨ ᠠᠷᠠᠯ ᠤᠨ

ᠶᠡᠷᠦᠩᠬᠡᠶᠢᠯᠡᠭᠰᠡᠨ ᠴᠣᠭᠴᠠ ᠶᠢᠨ ᠲᠦᠷᠦᠯ ᠵᠦᠢᠯ᠂ ᠠᠮᠢᠳᠤᠷᠠᠯ ᠤᠨ ᠢᠵᠢ ᠪᠦᠷᠢᠳᠦᠭᠦᠯᠬᠦ ᠦᠢᠯᠡᠴᠢᠯᠡᠭᠡᠨ ᠤ

ᠲᠣᠭᠤᠷᠢᠭ ᠤᠨ ᠬᠤᠳᠠᠯᠳᠤᠭᠠᠨ ᠤ ᠲᠥᠪ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠥᠷᠥᠯ

ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠ ᠠᠵᠢᠯᠯᠠᠭᠠᠨ ᠤ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ

ᠪᠠᠶᠢᠴᠠᠭᠠᠨ ᠦᠵᠡᠵᠦ᠂ ᠠᠵᠤ ᠠᠬᠤᠶᠢᠯᠠᠯ ᠵᠢᠴᠢ ᠲᠥᠷᠥᠯ ᠵᠦᠢᠯ ᠤᠨ ᠬᠠᠷᠢᠭᠤᠴᠠᠯᠭᠠᠲᠠᠨ ᠯᠤᠭ᠎ᠠ ᠲᠥᠷᠥᠯ ᠵᠦᠢᠯ ᠤᠨ

ᠲᠥᠯᠦᠪᠵᠢᠭᠦᠯᠭᠡ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠬᠤ ᠶᠢᠨ

ᠬᠠᠮᠲᠤ ᠪᠣᠳᠠᠲᠠᠢ ᠱᠠᠭᠠᠷᠳᠠᠯᠭ᠎ᠠ ᠲᠤᠷᠠᠳᠣᠪᠠ᠃

     ᠶᠠᠷᠢᠯᠴᠠᠬᠤ ᠬᠤᠷᠠᠯ ᠳᠡᠭᠡᠷ᠎ᠡ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠣᠷᠣᠨ

 ᠤ ᠬᠠᠮᠢᠶᠠᠷᠤᠯᠲᠠ ᠶᠢᠨ ᠵᠥᠪᠯᠡᠯ ᠪᠣᠯᠣᠨ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠨ

ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠭᠤᠸᠠᠩ ᠨᠠ᠂ ᠬᠤᠸᠠ ᠾᠧᠩ᠂

ᠰᠠᠨ ᠸᠧᠢ ᠵᠡᠷᠭᠡ 11 ᠠᠵᠤ ᠠᠬᠤᠶᠢᠯᠠᠯᠲᠠᠨ ᠤ ᠲᠥᠯᠥᠭᠡᠯᠡᠭᠴᠢ ᠠᠴᠠ ᠠᠵᠤ ᠠᠬᠤᠶᠢᠯᠠᠯ ᠤᠨ ᠲᠦᠷᠦᠯ ᠵᠦᠢᠯ ᠤᠨ

ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢᠶᠠᠨ ᠲᠠᠨᠢᠯᠴᠠᠭᠤᠯᠬᠤ ᠶᠢᠨ ᠬᠠᠮᠲᠤ ᠰᠠᠨᠠᠯ

ᠰᠠᠨᠠᠭᠤᠯᠭ᠎ᠠ ᠲᠤᠷᠠᠳᠣᠪᠠ᠃ ᠲᠠᠩ ᠢ ᠪᠠᠶᠢᠨ ᠪᠠᠶᠢᠨ ᠪᠣᠳᠠᠲᠠᠢ ᠨᠠᠷᠢᠨ ᠵᠦᠢᠯᠡᠰ ᠢ ᠨᠢ ᠠᠰᠠᠭᠤᠨ ᠯᠠᠪᠯᠠᠵᠤ᠂ ᠵᠠᠷᠢᠮ

ᠠᠰᠠᠭᠤᠳᠠᠯ ᠤᠨ ᠲᠤᠬᠠᠢ ᠠᠵᠤ ᠠᠬᠤᠶᠢᠯᠠᠯᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠤᠯᠠᠨ ᠲᠠᠢ ᠬᠠᠮᠲᠤᠪᠠᠷ

ᠰᠢᠢᠳᠪᠦᠷᠢᠯᠡᠬᠦ ᠠᠷᠭ᠎ᠠ ᠶᠢ ᠰᠤᠳᠤᠯᠤᠨ ᠶᠠᠷᠢᠯᠴᠠᠪᠠ᠃ ᠲᠡᠷᠡ ᠬᠡᠯᠡᠭᠰᠡᠨ ᠨᠢ᠂ ᠠᠰᠠᠭᠤᠳᠠᠯ ᠢ ᠰᠢᠢᠳᠪᠦᠷᠢᠯᠡᠬᠦ ᠪᠣᠯ

ᠳᠠᠷᠤᠢ ᠬᠥᠭᠵᠢᠯᠲᠡ ᠶᠢ ᠲᠦᠯᠬᠢᠨ ᠠᠬᠢᠭᠤᠯᠬᠤ ᠶᠠᠪᠤᠳᠠᠯ ᠮᠥᠨ᠂ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠢ

 ᠨᠢ ᠰᠠᠶᠢᠲᠤᠷ ᠰᠢᠢᠳᠪᠦᠷᠢᠯᠡᠪᠡᠯ᠂ ᠠᠵᠤ ᠠᠬᠤᠶᠢᠯᠠᠯ ᠪᠣᠯᠣᠨ ᠣᠷᠣᠨ ᠨᠤᠲᠤᠭ ᠤᠨ ᠬᠢᠨ ᠴᠥᠮ ᠠᠰᠢᠭ ᠭᠥᠷᠳᠡᠬᠦ

ᠪᠣᠯᠣᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠳᠡᠭᠡᠳᠦ

ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠷᠭ᠎ᠠ ᠪᠦᠬᠦᠨ ᠢ ᠰᠦᠪᠡᠭᠴᠢᠯᠡᠨ ᠰᠢᠢᠳᠪᠦᠷᠢᠯᠡᠬᠦ ᠶᠢ ᠲᠦᠯᠬᠢᠨ

ᠠᠬᠢᠭᠤᠯᠬᠤ ᠬᠡᠷᠡᠭᠲᠡᠢ ᠭᠡᠵᠡᠢ᠃

     ᠲᠠᠩ ᠢ ᠬᠡᠯᠡᠭᠰᠡᠨ ᠨᠢ᠂ ᠣᠶᠢᠷ᠎ᠠ ᠶᠢᠨ ᠵᠢᠯ ᠠᠴᠠ ᠨᠠᠰᠢ᠂ ᠪᠦᠬᠦ ᠬᠤᠳᠠ ᠶᠢᠨ ᠬᠠᠮᠲᠤ ᠶᠢᠨ ᠴᠢᠷᠮᠠᠶᠢᠯᠭ᠎ᠠ ᠪᠠᠷ᠂

ᠲᠤᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠵᠠᠯᠭᠠᠪᠡᠷ ᠠᠰᠢᠭᠯᠠᠯᠲᠠ ᠳᠤ

ᠣᠷᠣᠵᠤ᠂ ᠦᠢᠯᠡᠳᠪᠦᠷᠢᠯᠡᠯ ᠤᠨ ᠡᠯᠧᠮᠧᠨ᠋ᠲ ᠴᠤᠭᠯᠠᠷᠠᠨ ᠲᠥᠪᠯᠡᠷᠡᠵᠦ᠂ ᠰᠠᠭᠤᠷᠢ ᠲᠦᠭᠦᠭᠡᠷᠦᠮᠵᠢ ᠢᠵᠢ

ᠪᠦᠷᠢᠳᠦᠭᠦᠯᠦᠯᠲᠡ ᠦᠨᠳᠦᠰᠦᠨ ᠳᠡᠭᠡᠨ ᠪᠦᠷᠢᠳᠦᠵᠦ᠂ ᠬᠦᠷᠢᠶᠡᠯᠡᠩ ᠲᠣᠭᠤᠷᠢᠭ ᠤᠨ ᠬᠥᠭᠵᠢᠯᠲᠡ ᠯᠠᠪᠳᠠᠭᠤᠨ

ᠪᠠᠲᠤᠲᠠᠢ ᠦᠷ᠎ᠡ ᠪᠦᠲᠦᠮᠵᠢ ᠣᠯᠵᠠᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠦᠬᠦ ᠬᠤᠳᠠ ᠶᠢᠨ

ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠰᠢᠨ᠎ᠡ ᠣᠷᠣᠨ ᠵᠠᠢ᠂ ᠴᠢᠨᠠᠷ ᠰᠠᠶᠢᠲᠠᠢ ᠬᠥᠭᠵᠢᠯᠲᠡ ᠶᠢᠨ

ᠠᠴᠢᠶᠠᠯᠠᠪᠤᠷᠢ ᠶᠢᠨ ᠭᠠᠵᠠᠷ᠂ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠢ ᠭᠤᠣᠯ

ᠵᠢᠭᠰᠠᠭᠠᠯ ᠤᠨ ᠭᠠᠵᠠᠷ ᠤᠨ ᠭᠤᠣᠯ ᠳᠠᠶᠢᠨ ᠤ ᠲᠠᠯᠠᠪᠤᠷ ᠲᠤ ᠨᠠᠶᠢᠳᠠᠪᠤᠷᠢᠵᠢᠭᠤᠯᠬᠤ ᠠᠵᠢᠯ ᠤᠨ ᠬᠠᠷᠠᠯᠲᠠ ᠶᠢ

ᠲᠣᠭᠲᠠᠭᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂

ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠨᠡᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠵᠤ᠂

ᠪᠦᠬᠦ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠳᠤ ᠴᠢᠬᠤᠯᠠ ᠲᠤᠯᠭᠠᠭᠤᠷᠢᠯᠠᠯ ᠬᠠᠩᠭᠠᠵᠤ᠂ ᠨᠡᠩ

ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠨᠢᠭᠡ ᠳᠤ ᠬᠤᠳᠠᠯᠳᠤᠭᠠᠴᠢᠨ ᠤᠷᠢᠬᠤ ᠶᠢ ᠴᠢᠬᠤᠯᠠᠴᠢᠯᠠᠵᠤ᠂

︽ᠬᠥᠭᠵᠢᠯᠲᠡ ᠶᠢ ᠠᠳᠬᠤᠬᠤ ᠳᠤ ᠡᠷᠬᠡᠪᠰᠢ ᠲᠥᠷᠥᠯ ᠵᠦᠢᠯ ᠢ ᠠᠳᠬᠤᠬᠤ︾ ᠤᠬᠠᠮᠰᠠᠷ ᠢ ᠪᠠᠲᠤ ᠪᠤᠶ ᠪᠣᠯᠭᠠᠵᠤ᠂

︽ᠮᠢᠩᠭᠠᠨ ᠠᠭᠤᠯᠠ ᠲᠦᠮᠡᠨ ᠤᠰᠤ ᠶᠢ ᠲᠤᠭᠤᠯᠤᠨ᠂ ᠮᠢᠩᠭᠠᠨ ᠪᠡᠷᠬᠡ ᠲᠦᠮᠡᠨ ᠵᠣᠪᠠᠯᠠᠩ ᠢ ᠠᠮᠰᠠᠵᠤ᠂ ᠮᠢᠩᠭᠠᠨ

ᠦᠭᠡ ᠲᠦᠮᠡᠨ ᠦᠭᠡ ᠶᠢ ᠬᠡᠯᠡᠵᠦ᠂ ᠮᠢᠩᠭᠠᠨ ᠪᠡᠷᠬᠡ ᠲᠦᠮᠡᠨ ᠪᠠᠷᠲᠠᠭ᠎ᠠ ᠶᠢ ᠲᠠᠪᠠᠭ᠋ᠤ︾ ︽ᠳᠥᠷᠪᠡᠨ ᠮᠢᠩᠭᠠᠨ

ᠳᠥᠷᠪᠡᠨ ᠲᠦᠮᠡᠨ︾ ᠵᠣᠷᠢᠭ ᠰᠠᠨᠠᠭ᠎ᠠ ᠶᠢ ᠪᠠᠳᠠᠷᠠᠭᠤᠯᠤᠨ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ

ᠠᠵᠤ ᠦᠢᠯᠡᠰ᠂ ᠭᠤᠣᠯᠳᠠᠯᠭ᠎ᠠ ᠲᠠᠢ ᠠᠵᠤ ᠠᠬᠤᠶᠢᠯᠠᠯ ᠢ ᠴᠢᠩᠭ᠎ᠠ ᠠᠩᠬᠠᠷᠴᠤ᠂ ᠬᠤᠳᠠᠯᠳᠣᠭᠠᠴᠢᠨ ᠤᠷᠢᠵᠤ ᠪᠡᠯᠡ

ᠣᠷᠣᠭᠤᠯᠬᠤ ᠠᠵᠢᠯ ᠢᠶᠠᠨ ᠰᠢᠨᠲᠠᠷᠠᠰᠢ ᠦᠭᠡᠢ ᠰᠠᠶᠢᠲᠤᠷ ᠬᠢᠵᠦ᠂ ᠶᠡᠭᠡ ᠪᠠᠭ᠎ᠠ ᠲᠦᠷᠦᠯ ᠵᠦᠢᠯ ᠤᠨ ︽ᠲᠡᠭᠷᠢ

ᠭᠠᠵᠠᠷ ᠢ ᠪᠦᠷᠬᠦᠭᠰᠡᠨ︾ ᠬᠥᠭᠵᠢᠯᠲᠡ ᠶᠢᠨ ᠪᠠᠶᠢᠳᠠᠯ ᠢ ᠪᠤᠢ ᠪᠣᠯᠭᠠᠬᠤ ᠶᠢ ᠠᠬᠢᠭᠤᠯᠵᠤ᠂ ᠬᠦᠴᠦᠷᠬᠡᠭ ᠶᠡᠭᠡ ᠠᠵᠤ

ᠦᠢᠯᠡᠰ ᠤᠨ ᠠᠮᠢ ᠠᠬᠤᠢ ᠶᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠲᠠᠲᠠᠬᠤ ᠬᠦᠴᠦᠨ ᠪᠠ ᠥᠷᠢᠰᠦᠯᠳᠦᠬᠦ

ᠬᠦᠴᠦᠨ ᠢᠶᠠᠨ ᠴᠢᠨᠠᠭᠰᠢᠳᠠ ᠳᠡᠭᠡᠭᠰᠢᠯᠡᠭᠦᠯᠵᠦ᠂ ︽ᠭᠤᠤᠷᠰᠤᠨ ᠰᠣᠷᠣᠭᠤᠯ ᠤᠨ ᠦᠢᠯᠡᠳᠦᠯ︾ ᠢ ᠪᠤᠢ ᠪᠣᠯᠭᠠᠬᠤ

ᠬᠡᠷᠡᠭᠲᠡᠢ᠃ ᠬᠤᠶᠠᠷ ᠲᠤ ᠴᠠᠭ ᠢ ᠠᠮᠵᠢᠨ᠂ ᠦᠷ᠎ᠡ ᠪᠦᠲᠦᠮᠵᠢ ᠶᠢᠨ ᠤᠬᠠᠮᠰᠠᠷ ᠢᠶᠠᠨ ᠴᠢᠩᠭᠠᠷᠠᠭᠤᠯᠵᠤ᠂ ᠴᠠᠭ

ᠮᠥᠴᠡ ᠶᠢ ᠠᠯᠳᠠᠯ ᠦᠭᠡᠢ ᠪᠠᠷ ᠠᠵᠢᠯ ᠢᠶᠠᠨ ᠲᠦᠯᠬᠢᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠢᠵᠢ

ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠲᠥᠷᠥᠯ ᠵᠦᠢᠯ ᠤᠨ ᠭᠠᠷᠳᠠᠮ ᠭᠦᠢᠴᠡᠳᠬᠡᠬᠦ ᠵᠡᠷᠭᠡ

ᠲᠠᠯ᠎ᠠ ᠪᠠᠷ ᠤᠯᠠᠮ ᠨᠢᠭᠡ ᠠᠯᠬᠤᠮ ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ

ᠬᠡᠷᠡᠭᠲᠡᠢ︔ ᠠᠵᠤ ᠠᠬᠤᠶᠢᠯᠠᠯᠲᠠᠳ ᠠᠵᠠ ᠲᠣᠬᠢᠶᠠᠯ ᠢ ᠠᠮᠵᠢᠵᠤ᠂ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ᠂

ᠥᠨᠳᠥᠷ ᠪᠦᠲᠦᠮᠵᠢᠲᠡᠢ ᠪᠠᠷ ᠬᠥᠮᠥᠰ ᠤᠨ ᠬᠦᠴᠦᠨ ᠢ ᠵᠣᠬᠢᠶᠠᠨ ᠪᠠᠶᠢᠭᠤᠯᠵᠤ᠂ ᠲᠦᠷᠦᠯ ᠵᠦᠢᠯ ᠤᠨ ᠪᠦᠲᠦᠭᠡᠨ

ᠪᠠᠶᠢᠭᠤᠯᠤᠯᠲᠠ ᠪᠠᠨ ᠴᠢᠩᠭ᠎ᠠ ᠠᠳᠬᠤᠵᠤ᠂ ᠪᠡᠯᠡ ᠣᠷᠣᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠲᠦᠷᠦᠯ

ᠵᠦᠢᠯ ᠤᠨ ᠡᠷᠲᠡᠬᠡᠨ ᠠᠰᠢᠭᠯᠠᠯᠲᠠ ᠳᠤ ᠣᠷᠣᠬᠤ᠂ ᠦᠷ᠎ᠡ ᠠᠰᠢᠭ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃

ᠭᠤᠷᠪᠠ ᠳᠤ ᠰᠢᠪᠲᠤᠯᠤᠯᠲᠠ ᠭᠠᠷᠭᠠᠬᠤ ᠶᠢ ᠱᠠᠭᠠᠷᠳᠠᠵᠤ᠂ ᠦᠵᠡᠯ ᠰᠠᠨᠠᠭ᠎ᠠ ᠪᠠᠨ ᠴᠢᠯᠦᠭᠡᠯᠡᠨ᠂ ᠦᠨᠡᠨ ᠠᠴᠠ ᠵᠥᠪ ᠢ

ᠡᠷᠢᠵᠦ᠂ ᠵᠤᠷᠰᠢᠯ ᠢ ᠵᠣᠷᠢᠭᠲᠠᠢ ᠪᠠᠷ ᠡᠪᠳᠡᠵᠦ᠂ ᠬᠢᠨᠠᠨ ᠵᠥᠪᠰᠢᠶᠡᠷᠡᠬᠦ ᠴᠢᠬᠤᠯᠠ ᠪᠤᠰᠤ ᠭᠤᠭᠴᠤᠭ᠎ᠠ ᠪᠠ ᠶᠠᠪᠤᠴᠠ ᠶᠢ

ᠬᠠᠰᠤᠵᠤ᠂ ᠪᠦᠲᠦᠮᠵᠢᠳᠡᠢ ᠰᠡᠳᠬᠢᠬᠦᠢ᠂ ᠥᠭᠡᠷᠡᠴᠢᠯᠡᠯᠲᠡ ᠶᠢᠨ ᠠᠷᠭ᠎ᠠ ᠪᠠᠷ ᠠᠰᠠᠭᠤᠳᠠᠯ ᠢ ᠰᠢᠢᠳᠪᠦᠷᠢᠯᠡᠵᠦ᠂

ᠠᠵᠢᠯ ᠢᠶᠠᠨ ᠠᠬᠢᠭᠤᠯᠬᠤ ᠬᠡᠷᠡᠭᠲᠡᠢ︔ ᠠᠵᠤ ᠠᠬᠤᠶᠢᠯᠠᠯᠲᠠᠳ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠶᠡᠬᠡᠪᠡᠷ

ᠪᠠᠳᠠᠷᠠᠭᠤᠯᠵᠤ᠂ ᠵᠣᠷᠢᠭᠲᠠᠢ ᠬᠢᠵᠦ ᠵᠣᠷᠢᠭᠲᠠᠢ ᠲᠡᠮᠡᠴᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠰᠢᠨ᠎ᠡ

ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠢ ᠪᠣᠯᠭᠠᠬᠤ ᠡᠨᠡᠬᠦ ᠴᠢᠨᠠᠷ ᠰᠠᠶᠢᠲᠠᠢ ᠬᠥᠭᠵᠢᠯᠲᠡ ᠶᠢᠨ ᠳᠣᠲᠣᠭᠠᠳᠤ

ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠳᠬᠦᠨ ᠢ

ᠰᠤᠳᠤᠯᠤᠨ ᠨᠡᠭᠡᠭᠡᠬᠦ ᠵᠡᠷᠭᠡ ᠲᠠᠯ᠎ᠠ ᠪᠠᠷ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠦᠢᠯᠡᠳᠬᠦᠨ ᠢᠶᠠᠨ

ᠨᠠᠷᠢᠯᠢᠭ ᠭᠦᠨᠵᠡᠭᠡᠢ ᠬᠢᠬᠦ᠂ ᠠᠵᠤ ᠠᠬᠤᠶᠢᠯᠠᠯ ᠢᠶᠠᠨ ᠬᠦᠴᠦᠷᠬᠡᠭᠵᠢᠭᠦᠯᠦᠨ ᠰᠢᠯᠢᠳᠡᠭᠵᠢᠭᠦᠯᠬᠦ ᠶᠢ ᠠᠬᠢᠭᠤᠯᠬᠤ ᠶᠢ

ᠬᠦᠰᠡᠵᠦ ᠪᠠᠶᠢᠨ᠎ᠠ᠃ ᠳᠥᠷᠪᠡ ᠳᠤ ᠪᠠᠲᠤᠯᠠᠭ᠎ᠠ ᠪᠠᠨ ᠴᠢᠩᠭᠠᠳᠬᠠᠵᠤ᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂

ᠠᠯᠤᠰ ᠬᠡᠳᠦ ᠶᠢ ᠪᠣᠳᠣᠯᠬᠢᠯᠠᠵᠤ᠂ ᠰᠠᠭᠤᠷᠢ ᠲᠥᠬᠦᠭᠡᠷᠦᠮᠵᠢ ᠪᠠᠨ ᠢᠵᠢ ᠪᠦᠷᠢᠳᠦᠭᠦᠯᠬᠦ᠂ ᠤᠰᠤ ᠴᠠᠬᠢᠯᠭᠠᠨ ᠵᠠᠮ ᠬᠡᠢ

ᠵᠡᠷᠭᠡ ᠡᠯᠧᠮᠧᠨ᠋ᠲ ᠤᠨ ᠪᠠᠲᠤᠯᠠᠭ᠎ᠠ ᠶᠢᠨ ᠲᠠᠯ᠎ᠠ ᠪᠠᠷ ᠬᠢ ᠳᠤᠲᠠᠭᠤᠳᠠᠯ ᠢᠶᠠᠨ ᠪᠦᠬᠦ ᠲᠠᠯ᠎ᠠ ᠪᠠᠷ ᠴᠡᠭᠴᠡᠯᠡᠨ ᠡᠮᠬᠢᠯᠡᠵᠦ᠂

ᠬᠦᠨᠳᠦ ᠬᠥᠩᠭᠡᠨ ᠠᠯᠭᠤᠷ ᠪᠠᠴᠢᠮ ᠢ ᠢᠯᠭᠠᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠶᠢᠵᠤ᠂ ᠡᠯ᠎ᠡ

ᠲᠦᠷᠦᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠲᠣᠬᠢᠷᠠᠭᠤᠯᠵᠤ᠂ ᠠᠵᠤ ᠠᠬᠤᠶᠢᠯᠠᠯ ᠤᠨ

ᠬᠥᠭᠵᠢᠯᠲᠡ ᠶᠢᠨ ᠬᠡᠷᠡᠭᠴᠡᠭᠡ ᠶᠢ ᠦᠨᠡᠨᠬᠦ ᠬᠠᠩᠭᠠᠵᠤ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠰᠠᠶᠢᠨ

ᠰᠠᠶᠢᠬᠠᠨ ᠵᠠᠮ ᠳᠤ ᠣᠷᠣᠬᠤ ᠶᠢ ᠪᠠᠲᠤᠯᠠᠬᠤ ᠬᠡᠷᠡᠭᠲᠡᠢ᠃ ᠲᠠᠪᠤ ᠳᠤ ᠦᠢᠯᠡᠴᠢᠯᠡᠭᠡ ᠪᠠᠨ ᠰᠢᠯᠢᠳᠡᠭᠵᠢᠭᠦᠯᠵᠦ᠂

ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠦᠢᠯᠡᠴᠢᠯᠡᠭᠡᠨ ᠤ ᠣᠶᠢᠯᠠᠭᠠᠭᠳᠠᠬᠤᠨ ᠢᠶᠠᠨ ᠰᠢᠯᠢᠳᠡᠭᠵᠢᠭᠦᠯᠵᠦ᠂

ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠰᠠᠶᠢᠵᠢᠷᠠᠭᠤᠯᠵᠤ᠂ ᠥᠪᠡᠷ ᠤᠨ ᠪᠡᠶ᠎ᠡ ᠪᠠᠷ ᠢᠶᠠᠨ ᠠᠵᠤ ᠠᠬᠤᠶᠢᠯᠠᠯ ᠤᠨ

ᠲᠥᠯᠥᠭᠡ ᠪᠣᠳᠣᠯᠬᠢᠯᠠᠵᠤ᠂ ᠪᠡᠶ᠎ᠡ ᠶᠢᠨ ᠪᠠᠶᠢᠳᠠᠯ ᠢᠶᠠᠨ ᠲᠠᠶᠠᠭᠳᠠᠵᠤ᠂ ᠰᠡᠳᠬᠢᠯ ᠢᠶᠠᠨ ᠲᠣᠭᠲᠠᠭᠤᠨ ᠪᠠᠶᠢᠯᠭᠠᠵᠤ᠂ ᠦᠨᠡᠨ

ᠰᠡᠳᠬᠢᠯ ᠠᠴᠠ ᠪᠠᠨ ᠠᠵᠤ ᠠᠬᠤᠶᠢᠯᠠᠯ ᠤᠨ ᠠᠰᠠᠭᠤᠳᠠᠯ ᠢ ᠨᠢ ᠰᠢᠢᠳᠪᠦᠷᠢᠯᠡᠬᠦ ᠳᠤ ᠪᠦᠬᠦ ᠲᠠᠯ᠎ᠠ ᠶᠢᠨ ᠦᠢᠯᠡᠴᠢᠯᠡᠭᠡ

ᠬᠠᠩᠭᠠᠬᠤ ᠬᠡᠷᠡᠭᠲᠡᠢ︔ ᠠᠮᠠᠯᠠᠭᠰᠠᠨ ᠢᠶᠠᠨ ᠴᠢᠩᠭ᠎ᠠ ᠪᠠᠷᠢᠮᠲᠠᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ

ᠨᠡᠶᠢᠲᠡᠯᠡᠭᠰᠡᠨ ᠡᠯ᠎ᠡ ᠵᠦᠢᠯ ᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠷᠢᠨ

ᠬᠢᠨᠠᠮᠠᠭᠠᠢ ᠰᠤᠳᠤᠯᠵᠤ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠲᠥᠯᠥᠭᠡ ᠴᠢᠷᠮᠠᠶᠢᠬᠤ ᠬᠡᠷᠡᠭᠲᠡᠢ᠃

ᠵᠢᠷᠭᠤᠭ᠎ᠠ ᠳᠤ ᠬᠤᠷᠢᠭ᠎ᠠ ᠱᠤᠭᠤᠮ ᠢ ᠰᠠᠬᠢᠵᠤ᠂ ᠠᠵᠤ ᠠᠬᠤᠶᠢᠯᠠᠯ ᠨᠢᠭᠡᠪᠦᠷᠢ ᠠᠮᠤᠷ ᠲᠦᠪᠰᠢᠨ ᠣᠷᠴᠢᠨ

ᠲᠣᠭᠤᠷᠢᠨ ᠢ ᠬᠠᠮᠠᠭᠠᠯᠠᠬᠤ ᠡᠨᠡᠬᠦ ᠬᠥᠪᠴᠢ ᠪᠠᠨ ᠴᠠᠭ ᠢᠮᠠᠭᠲᠠ ᠴᠢᠩᠭᠠᠷᠠᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ

ᠭᠤᠭᠴᠤᠭ᠎ᠠ ᠨᠢᠭᠡᠪᠦᠷᠢ ᠶᠢ ᠴᠢᠩᠭ᠎ᠠ ᠵᠢᠷᠤᠮᠵᠢᠭᠤᠯᠵᠤ᠂ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ

ᠬᠥᠭᠵᠢᠯᠲᠡ ᠶᠢᠨ ᠬᠠᠨᠳᠤᠰᠢ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠤᠭ ᠤᠨ ᠲᠡᠷᠢᠭᠦᠨ ᠤ ᠮᠡᠷᠭᠡᠵᠢᠯ ᠤᠨ

ᠪᠠᠷᠢᠮᠵᠢᠶ᠎ᠠ ᠪᠣᠯᠣᠨ ᠦᠢᠯᠡᠳᠪᠦᠷᠢᠯᠡᠯ ᠤᠨ ᠤᠷ᠎ᠠ ᠮᠡᠷᠭᠡᠵᠢᠯ ᠢ ᠬᠡᠷᠡᠭᠯᠡᠵᠦ᠂ ᠪᠣᠬᠢᠷᠲᠤᠯ ᠦᠭᠡᠢ᠂ ᠣᠶᠤᠨᠴᠢᠯᠠᠭᠰᠠᠨ᠂

ᠳᠡᠭᠡᠳᠦ ᠲᠡᠰ ᠤᠨ ᠤᠳᠤ ᠦᠶ᠎ᠡ ᠶᠢᠨ ᠠᠵᠤ ᠠᠬᠤᠶᠢᠯᠠᠯ ᠢ ᠪᠠᠶᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ

ᠰᠠᠯᠠᠭ᠎ᠠ ᠮᠥᠴᠢᠷ ᠤᠨ ᠬᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠵᠤ ᠠᠬᠤᠶᠢᠯᠠᠯ ᠢ ᠰᠢᠮᠳᠠᠭᠤᠯᠵᠤ

ᠪᠠᠶᠢᠭᠠᠳ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯᠭᠦᠢ

ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠦᠨᠡᠨᠬᠦ ᠪᠠᠲᠤᠯᠠᠵᠤ᠂ ᠬᠦᠷᠢᠶᠡᠯᠡᠩ

ᠲᠣᠭᠤᠷᠢᠭ ᠤᠨ ᠬᠥᠭᠵᠢᠯᠲᠡ ᠳᠤ ᠡᠶ᠎ᠡ ᠵᠣᠬᠢᠴᠠᠯ ᠲᠠᠢ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ

ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号