ᠮᠠᠨ ᠤ ᠬᠤᠲᠠ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2024/4/11
     4 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠬᠠᠮᠲᠤ ᠪᠠᠷ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠣᠳᠠᠭᠠᠨ ᠤ ᠬᠤᠷᠠᠯ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠩ ᠸᠧᠨ ᠵᠢᠶᠧ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠭᠧᠩ ᠬᠠᠢ ᠵᠢᠶᠦ᠋ᠨ ᠬᠤᠷᠠᠯ ᠳᠤ ᠣᠷᠣᠯᠴᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠮᠧᠩ ᠵᠢᠶᠠᠨ ᠬᠤᠷᠠᠯ ᠡᠷᠭᠢᠯᠡᠪᠡ᠃      ᠸᠠᠩ ᠸᠧᠨ ᠵᠢᠶᠧ ᠬᠡᠯᠡᠭᠰᠡᠨ ᠨᠢ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠢ ᠴᠢᠬᠤᠯᠠᠴᠢᠯᠠᠬᠤ ᠪᠠ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠵᠢᠯ ᠦᠢᠯᠡᠰ ᠪᠣᠯᠣᠨ ᠠᠷᠠᠳ ᠲᠦᠮᠡᠨ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠦᠨᠡᠨᠬᠦ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠠᠰᠤ ᠴᠢᠨᠠᠷ ᠦᠷ᠎ᠡ ᠠᠰᠢᠭ ᠢᠶᠠᠨ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠠ ᠰᠠᠯᠠᠭ᠎ᠠ ᠮᠥᠴᠢᠷ ᠤᠨ ᠠᠵᠢᠯ ᠢ ᠠᠬᠢᠭᠤᠯᠬᠤ ᠶᠢ ᠨᠢᠭᠲᠠ ᠤᠶᠠᠯᠳᠤᠭᠤᠯᠵᠤ᠂ ᠰᠠᠨᠠᠯ ᠳᠤᠷᠠᠳᠤᠯᠭ᠎ᠠ ᠳᠤ ᠲᠤᠰᠬᠠᠭᠰᠠᠨ ᠠᠰᠠᠭᠤᠳᠠᠯ ᠪᠠ ᠰᠠᠨᠠᠭᠤᠯᠭ᠎ᠠ ᠶᠢ ᠨᠠᠷᠢᠨ ᠬᠢᠨᠠᠮᠠᠭᠠᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠰᠢᠪᠠᠳᠠᠨ ᠰᠢᠢᠳᠪᠦᠷᠢᠯᠡᠭᠦᠯᠬᠦ ᠦᠢᠯᠡᠳᠦᠯ ᠢᠶᠠᠨ ᠪᠠᠳᠠᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠭᠤᠣᠯᠳᠠᠯᠭ᠎ᠠ ᠲᠠᠢ ᠪᠠᠷ ᠰᠤᠳᠤᠯᠵᠤ᠂ ᠭᠤᠣᠯᠳᠠᠯᠭ᠎ᠠ ᠲᠠᠢ ᠪᠠᠷ ᠰᠢᠢᠳᠪᠦᠷᠢᠯᠡᠵᠦ᠂ ᠰᠣᠳᠣᠨ ᠪᠦᠲᠦᠭᠡᠯ ᠭᠠᠷᠭᠠᠵᠤ᠂ ᠦᠯᠢᠭᠡᠷ ᠵᠢᠱᠢᠶ᠎ᠡ ᠦᠵᠡᠭᠦᠯᠬᠦ ᠪᠠᠷ ᠴᠢᠷᠮᠠᠶᠢᠬᠤ ᠬᠡᠷᠡᠭᠲᠡᠢ᠃ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠣᠯᠣᠭᠰᠠᠨ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠪᠣᠳᠠᠲᠠᠢ ᠰᠢᠢᠳᠪᠦᠷᠢᠲᠦ ᠪᠣᠳᠣᠯᠭ᠎ᠠ ᠪᠣᠯᠭᠠᠨ ᠬᠤᠪᠢᠷᠠᠭᠤᠯᠵᠤ᠂ ᠬᠤᠯᠪᠣᠭᠳᠠᠯ ᠪᠦᠬᠦᠢ ᠬᠥᠭᠵᠢᠯᠲᠡ ᠶᠢᠨ ᠲᠥᠯᠦᠪᠵᠢᠭᠦᠯᠭᠡ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠳᠦᠷᠢᠮ ᠤᠨ ᠪᠢᠴᠢᠭ ᠮᠠᠲ᠋ᠧᠷᠢᠶᠠᠯ ᠳᠤ ᠢᠯᠡᠷᠡᠭᠦᠯᠦᠨ ᠨᠠᠶᠢᠳᠠᠪᠤᠷᠢᠵᠢᠭᠤᠯᠵᠤ᠂ ᠰᠠᠨᠠᠯ ᠳᠤᠷᠠᠳᠤᠯᠭ᠎ᠠ ᠶᠢᠨ ᠨᠠᠮ ᠵᠠᠰᠠᠭ ᠤᠨ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠦᠴᠦᠨ ᠨᠡᠮᠡᠷᠢᠯᠡᠬᠦ ᠦᠢᠯᠡᠳᠦᠯ  ᠢᠶᠠᠨ ᠦᠨᠡᠨ ᠬᠦ ᠪᠠᠳᠠᠷᠠᠭᠤᠯᠬᠤ ᠬᠡᠷᠡᠭᠲᠡᠢ ᠭᠡᠵᠡᠢ᠃      ᠭᠧᠩ ᠬᠠᠢ ᠵᠢᠶᠦ᠋ᠨ ᠬᠡᠯᠡᠭᠰᠡᠨ ᠨᠢ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠬᠤ ᠬᠡᠷᠡᠭᠲᠡᠢ︔ ᠪᠣᠳᠠᠲᠤ ᠦᠷ᠎ᠡ ᠪᠦᠲᠦᠮᠵᠢ ᠶᠢᠨ ᠤᠬᠠᠮᠰᠠᠷ ᠢᠶᠠᠨ ᠴᠢᠩᠭᠠᠳᠬᠠᠵᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠪᠣᠳᠠᠲᠤ ᠦᠷ᠎ᠡ ᠪᠦᠲᠦᠮᠵᠢᠲᠦ ᠴᠢᠨᠠᠷ ᠢᠶᠠᠨ ᠨᠡᠮᠡᠭᠳᠡᠭᠦᠯᠬᠦ ᠬᠡᠷᠡᠭᠲᠡᠢ︔ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠳᠦᠷᠢᠮᠵᠢᠯᠲᠦ ᠴᠢᠨᠠᠷ ᠢᠶᠠᠨ ᠴᠢᠩᠭᠠᠳᠬᠠᠵᠤ᠂ ᠴᠢᠨᠠᠷ ᠰᠠᠶᠢᠲᠠᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠦᠷ᠎ᠡ ᠪᠦᠲᠦᠮᠵᠢ ᠪᠠᠷ ᠠᠷᠠᠳ ᠤᠯᠠᠨ ᠤ ᠬᠠᠯᠠᠭᠤᠨ ᠬᠦᠰᠡᠯ ᠳᠤ ᠬᠠᠷᠢᠭᠤᠯᠲᠠ ᠥᠭᠴᠦ᠂ ᠪᠣᠳᠠᠲᠤ ᠠᠵᠢᠯᠯᠠᠭ᠎ᠠ ᠪᠠᠷ ᠢᠶᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ︽ᠰᠠᠶᠢᠨ ᠠᠷᠭ᠎ᠠ︾ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠠᠯᠳᠠᠨ ᠲᠦᠯᠬᠢᠭᠦᠷ︾ ᠪᠣᠯᠭᠠᠨ ᠬᠤᠪᠢᠷᠠᠭᠤᠯᠬᠤ ᠬᠡᠷᠡᠭᠳᠡᠢ ᠭᠡᠵᠡᠢ᠃      ᠬᠤᠷᠠᠯ ᠳᠡᠭᠡᠷ᠎ᠡ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠣᠳᠠᠭᠠᠨ ᠤ ᠬᠤᠷᠠᠯ ᠤᠨ ᠰᠠᠨᠠᠯ ᠳᠤᠷᠠᠳᠤᠯᠭ᠎ᠠ ᠵᠢᠴᠢ ᠬᠤᠳᠠ ᠶᠢᠨ ᠨᠠᠮ ᠤᠨ ᠬᠤᠷᠢᠶᠠᠨ ᠤ ᠤᠳᠤᠷᠢᠳᠤᠯᠭ᠎ᠠ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠤᠷᠠᠯ ᠤᠨ ᠪᠦᠷᠢᠯᠳᠦᠭᠦᠨ ᠪᠠ ᠲᠤᠰᠬᠠᠢ ᠵᠦᠪᠯᠡᠯ ᠤᠨ ᠰᠢᠪᠠᠳᠠᠨ ᠰᠢᠢᠳᠪᠦᠷᠢᠯᠡᠭᠦᠯᠬᠦ ᠰᠠᠨᠠᠯ ᠵᠥᠪᠯᠡᠯᠭᠡ ᠶᠢ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠳᠤ ᠲᠤᠰᠢᠶᠠᠨ ᠥᠭᠴᠦ᠂ ᠰᠠᠨᠠᠯ ᠵᠥᠪᠯᠡᠯᠭᠡ ᠶᠢ ᠳᠠᠭᠠᠭᠠᠨ ᠠᠪᠴᠤ ᠰᠢᠢᠳᠪᠦᠷᠢᠯᠡᠬᠦ ᠬᠡᠰᠡᠭ ᠨᠢᠭᠡᠴᠡ ᠲᠤᠷᠰᠢᠯᠭ᠎ᠠ ᠪᠠᠨ ᠰᠣᠯᠢᠯᠴᠠᠪᠠ᠃ ᠬᠤᠷᠠᠯ ᠤᠨ ᠳᠠᠷᠠᠭ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠵᠥᠪᠯᠡᠯ ᠤᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠥᠷᠨᠢᠭᠦᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号