ᠼᠦᠢ ᠵᠢᠩ ᠶᠢᠩ ︽ᠬᠠᠯᠠᠭᠤᠨ ᠲᠤᠯᠠᠭᠠᠨ ᠢᠨᠵᠧᠨᠧᠷᠢᠩ︾ ᠪᠠ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/11
     4 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠠᠶᠢᠷᠤᠪ ᠤᠨ ᠲᠣᠬᠤᠢ ᠲᠣᠭᠤᠷᠢᠭ ᠲᠤ ︽ᠬᠠᠯᠠᠭᠤᠨ ᠳᠤᠯᠠᠭᠠᠨ ᠢᠨᠵᠧᠨᠧᠷᠢᠩ︾ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠳᠠ ᠶᠢᠨ ᠳᠡᠳ᠋ ᠳᠠᠷᠤᠭ᠎ᠠ ᠭᠦᠸᠧ ᠢ ᠵᠢᠶᠧ ᠣᠷᠣᠯᠴᠠᠪᠠ᠃      ᠼᠦᠢ ᠵᠢᠩ ᠶᠢᠩ ᠨᠠᠷ ᠤᠷᠢᠳ ᠬᠤᠵᠢᠳ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠵᠢᠦ ᠯᠢ ᠱᠣ᠋ ᠰᠢᠶᠠᠩ ︵ᠹᠦ᠋ ᠶᠤᠸᠠᠨ︶᠂ ᠰᠢᠩ ᠹᠦ᠋ ᠨᠡᠶᠢᠭᠡᠮ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠥᠭᠡᠷᠡᠴᠢᠯᠡᠯᠲᠡ᠂ ᠦᠷᠳᠡᠭᠡᠨ ᠤ ᠡᠮᠦᠨᠡᠬᠢ ᠵᠡᠬᠦᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠂ ︽ᠢᠯᠴᠢ ᠴᠠᠬᠢᠯᠭᠠᠨ ᠢ ᠵᠡᠷᠭᠡᠪᠡᠷ ᠦᠢᠯᠡᠳᠪᠦᠷᠢᠯᠡᠬᠦ︾ ᠴᠡᠪᠡᠷ ᠡᠨᠧᠷᠭᠢ ᠶᠢᠨ ᠢᠯᠴᠢ ᠬᠠᠩᠭᠠᠬᠤ ᠥᠭᠡᠷᠡᠴᠢᠯᠡᠯᠲᠡ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ︽ᠬᠠᠯᠠᠭᠤᠨ ᠳᠤᠯᠠᠭᠠᠨ ᠢᠨᠵᠧᠨᠧᠷᠢᠩ︾ ᠤᠨ ᠲᠦᠷᠦᠯ ᠵᠦᠢᠯ ᠤᠨ ᠲᠥᠯᠦᠪᠵᠢᠭᠦᠯᠭᠡ᠂ ᠢᠨᠵᠧᠨᠧᠷᠢᠩ ᠤᠨ ᠠᠬᠢᠴᠠ ᠪᠣᠯᠣᠨ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃      ᠼᠦᠢ ᠵᠢᠩ ᠶᠢᠩ ᠬᠡᠯᠡᠭᠰᠡᠨ ᠨᠢ᠂ ︽ᠬᠠᠯᠠᠭᠤᠨ ᠳᠤᠯᠠᠭᠠᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠪᠣᠯᠣᠨ᠎ᠠ᠂ ᠲᠦᠭ ᠲᠦᠮᠡᠨ ᠠᠶᠢᠯ ᠡᠷᠦᠬᠡ ᠶᠢᠨ ᠠᠵᠤ ᠠᠮᠢᠳᠤᠷᠠᠯ ᠳᠤ ᠬᠤᠯᠪᠣᠭᠳᠠᠬᠤ ᠴᠢᠬᠤᠯᠠ ᠶᠡᠭᠡ ᠢᠨᠵᠧᠨᠧᠷᠢᠩ ᠪᠣᠯᠣᠨ᠎ᠠ᠃ ᠨᠢᠭᠡᠳᠦᠯᠲᠡᠢ ᠲᠦᠯᠦᠪᠯᠡᠨ ᠲᠥᠯᠥᠪᠵᠢᠭᠦᠯᠵᠦ᠂ ᠥᠨᠳᠥᠷ ᠪᠦᠲᠦᠮᠵᠢᠲᠡᠢ ᠠᠬᠢᠭᠤᠯᠵᠤ᠂ ᠢᠯᠴᠢ ᠶᠢᠨ ᠡᠬᠢ ᠰᠤᠷᠪᠤᠯᠵᠢ ᠶᠢᠨ ᠦᠵᠦᠭᠦᠷ᠂ ᠬᠤᠭᠤᠯᠠᠢ ᠶᠢᠨ ᠲᠣᠣᠷ ᠤᠨ ᠦᠵᠦᠭᠦᠷ᠂ ᠬᠡᠷᠡᠭᠯᠡᠭᠴᠢ ᠶᠢᠨ ᠦᠵᠦᠭᠦᠷ ᠤᠨ ᠥᠭᠡᠷᠡᠴᠢᠯᠡᠯᠲᠡ ᠵᠡᠷᠭᠡ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠵᠤ᠂ ᠡᠨᠡᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ︽ᠡᠪᠦᠯ ᠤᠨ ᠠᠰᠠᠭᠤᠳᠠᠯ ᠢ ᠵᠤᠨ ᠳᠤ ᠵᠠᠰᠠᠬᠤ︾ ᠶᠢ ᠪᠠᠷᠢᠮᠲᠠᠯᠠᠵᠤ᠂ ᠰᠠᠯᠠᠭ᠎ᠠ ᠮᠥᠴᠢᠷ ᠤᠨ ᠬᠤᠭᠤᠷᠣᠨᠳᠤ ᠪᠠᠨ ᠵᠣᠬᠢᠴᠠᠭᠤᠯᠤᠨ ᠬᠠᠮᠲᠤᠷᠠᠯᠴᠠᠬᠤ ᠪᠠᠨ ᠴᠢᠩᠭᠠᠳᠬᠠᠵᠤ᠂ ᠢᠯᠴᠢ ᠶᠢᠨ ᠡᠬᠢ ᠰᠤᠷᠪᠤᠯᠵᠢ ᠶᠢᠨ ᠲᠥᠬᠦᠭᠡᠷᠦᠮᠵᠢ ᠶᠢ ᠬᠠᠮᠠᠭᠠᠯᠠᠬᠤ᠂ ᠬᠤᠭᠤᠯᠠᠢ ᠶᠢᠨ ᠲᠣᠣᠷ ᠤᠨ ᠠᠵᠢᠯᠯᠠᠭᠠᠨ ᠢ ᠬᠢᠨᠠᠨ ᠬᠡᠮᠵᠢᠬᠦ᠂ ᠭᠡᠮ ᠰᠣᠭᠤᠭ ᠢ ᠵᠠᠰᠠᠵᠤ ᠠᠷᠢᠯᠭᠠᠬᠤ ᠵᠡᠷᠭᠡ ᠠᠵᠢᠯ ᠢᠶᠠᠨ ᠡᠮᠬᠢ ᠵᠢᠷᠤᠮ ᠲᠠᠢ ᠰᠠᠶᠢᠲᠤᠷ ᠬᠢᠵᠦ᠂ ᠳᠤᠲᠠᠭᠤᠳᠠᠯ ᠪᠠᠭᠤᠷᠠᠢ ᠵᠦᠢᠯᠡᠰ ᠢᠶᠠᠨ ᠲᠦᠷᠭᠡᠨ ᠨᠥᠬᠦᠪᠦᠷᠢᠯᠡᠵᠦ᠂ ᠪᠦᠬᠦ ᠬᠤᠳᠠ ᠶᠢᠨ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ︽ᠣᠶᠤᠨᠲᠤ ᠬᠤᠳᠠ︾ ᠶᠢᠨ ᠣᠶᠢᠯᠠᠭᠠᠭᠳᠠᠬᠤᠨ ᠢ ︽ᠬᠠᠯᠠᠭᠤᠨ ᠳᠤᠯᠠᠭᠠᠨ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠪᠣᠯᠣᠨ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠪᠦᠬᠦ ᠶᠠᠪᠤᠴᠠ ᠳᠤ ᠠᠭᠤᠰᠬᠠᠵᠤ᠂ ᠣᠶᠤᠨᠴᠢᠯᠠᠭᠰᠠᠨ ᠲᠠᠪᠴᠠᠩ ᠤᠨ ᠬᠡᠷᠡᠭᠯᠡᠭᠡᠨ ᠤ ᠦᠵᠡᠭᠳᠡᠯ ᠢ ᠥᠷᠭᠡᠳᠬᠡᠵᠦ᠂ ︽ᠤᠶᠤᠨ ᠢᠶᠠᠷ ᠵᠠᠰᠠᠬᠤ︾ ᠪᠠᠷ ᠬᠤᠳᠠ ᠶᠢᠨ ᠴᠢᠳᠠᠪᠬᠢ ᠶᠠᠰᠤ ᠴᠢᠨᠠᠷ  ᠢᠶᠠᠨ ᠳᠡᠭᠡᠭᠰᠢᠯᠡᠭᠦᠯᠵᠦ᠂ ᠬᠤᠳᠠ ᠶᠢ ᠨᠡᠩ ᠢᠯᠡᠭᠦᠦ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠯᠠᠨ ᠲᠦᠮᠡᠨ ᠤ ᠠᠮᠢᠳᠤᠷᠠᠯ ᠢ ᠨᠡᠩ ᠢᠯᠡᠭᠦᠦ ᠵᠣᠯ ᠵᠢᠷᠭᠠᠯ ᠲᠠᠢ ᠰᠠᠶᠢᠨ ᠰᠠᠶᠢᠬᠠᠨ ᠪᠣᠯᠭᠠᠬᠤ ᠬᠡᠷᠡᠭᠲᠡᠢ᠃ ᠪᠥᠬᠦ ᠣᠷᠣᠨ ᠤ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠤᠬᠠᠢ ᠶᠢᠨ ᠲᠠᠯᠠᠪᠤᠷ ᠤᠨ ᠬᠤᠷᠠᠯ ᠤᠨ ᠪᠡᠯᠡᠳᠬᠡᠯ ᠠᠵᠢᠯ  ᠢᠶᠠᠨ ᠨᠠᠷᠢᠨ ᠨᠢᠮᠪᠠᠢ ᠰᠠᠶᠢᠲᠤᠷ ᠬᠢᠵᠦ᠂ ᠨᠢᠭᠡ ᠪᠦᠯᠦᠭ ᠥᠪᠡᠷᠮᠢᠴᠡ ᠣᠨᠴᠠᠯᠢᠭ ᠲᠠᠢ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠯᠠᠰ ᠴᠢᠭ ᠢ ᠪᠣᠶ ᠪᠣᠯᠭᠠᠵᠤ᠂ ᠦᠬᠠᠢ ᠶᠢᠨ ᠴᠣ ᠰᠢᠨ᠎ᠡ ᠬᠤᠲᠠ ᠶᠢᠨ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号