ᠳᠣᠯᠣᠳᠤᠭᠠᠷ ᠣᠳᠠᠭᠠᠨ ᠤ ᠪᠦᠬᠦ ᠬᠤᠳᠠ ᠶᠢᠨ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠵᠢᠴᠢ 2024 ᠣᠨ ᠤ ᠦᠬᠠᠢ ᠬᠤᠳᠠ ᠶᠢᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠪᠦᠬᠦᠳᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/11
     4 ᠰᠠᠷ᠎ᠠ ᠶᠢᠨ 10 ᠤ ᠡᠳᠦᠷ᠂ ᠳᠣᠯᠣᠳᠤᠭᠠᠷ ᠣᠳᠠᠭᠠᠨ ᠤ ᠪᠦᠬᠦ ᠬᠤᠳᠠ ᠶᠢᠨ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠵᠢᠴᠢ 2024 ᠣᠨ ᠤ ᠦᠬᠠᠢ ᠬᠤᠳᠠ ᠶᠢᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠪᠦᠬᠦᠳᠠ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠡ᠃ ᠬᠤᠲᠠ ᠶᠢᠨ ᠳᠡᠳ᠋ ᠳᠠᠷᠤᠭ᠎ᠠ ᠵᠠᠩ ᠮᠢᠩ ᠮᠢᠩ ᠬᠤᠷᠠᠯ ᠡᠷᠭᠢᠯᠡᠪᠡ᠃      ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠬᠡᠦᠬᠡᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠣᠯᠣᠳᠤᠭᠠᠷ ᠤᠳᠠᠭᠠᠨ ᠤ ᠪᠦᠬᠦ ᠤᠯᠤᠰ᠂ ᠪᠦᠬᠦ ᠣᠷᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠪᠣᠯᠣᠨ 2024 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 104 ᠳ᠋ᠣᠭᠡᠷ ᠣᠳᠠᠭᠠᠨ  ᠤ ︵ᠥᠷᠭᠡᠳᠬᠡᠭᠰᠡᠨ︶ ᠬᠤᠷᠠᠯ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠰᠤᠷᠤᠯᠴᠠᠵᠤ᠂ ᠮᠠᠨ ᠤ ᠬᠤᠲᠠ ᠶᠢᠨ ᠪᠥᠬᠦ ᠣᠷᠣᠨ ᠤ ︽ᠬᠤᠶᠠᠷ ᠬᠥᠲᠥᠯᠪᠦᠷᠢ︾ ᠶᠢ ᠬᠡᠷᠡᠭᠵᠢᠭᠦᠯᠦᠭᠰᠡᠨ ᠲᠡᠷᠢᠭᠦᠨ ᠤ ᠬᠠᠮᠲᠤ ᠪᠠ ᠲᠡᠷᠢᠭᠦᠨ ᠤ ᠬᠤᠪᠢ ᠬᠥᠮᠥᠨ ᠢ ᠵᠠᠷᠯᠠᠨ ᠨᠡᠶᠢᠲᠡᠯᠡᠵᠦ᠂ ᠬᠤᠲᠠ ᠶᠢᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠠᠵᠢᠯ ᠤᠨ ᠮᠡᠳᠡᠭᠦᠯᠦᠯᠲᠡ ᠬᠢᠵᠦ᠂ ᠡᠯ᠎ᠡ ᠲᠣᠭᠤᠷᠢᠭ ᠪᠠ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃      ᠼᠦᠢ ᠵᠢᠩ ᠶᠢᠩ ᠬᠡᠯᠡᠭᠰᠡᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠬᠡᠦᠬᠡᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ᠂ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠭᠦᠨᠵᠡᠭᠡᠢ ᠣᠶᠢᠯᠠᠭᠠᠵᠤ᠂ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠶᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠨ ᠦᠢᠯᠡᠰ ᠪᠣᠰᠬᠠᠬᠤ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠪᠦᠬᠦ ᠰᠡᠳᠬᠢᠯ ᠢᠶᠠᠷ ᠢᠶᠠᠨ ᠬᠠᠮᠠᠭᠠᠯᠠᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠡᠮᠡᠭᠲᠡᠶᠢᠴᠦᠳ ᠬᠡᠦᠬᠡᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠡᠮᠡᠭᠲᠡᠶᠢᠴᠦᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠡᠮᠡᠭᠲᠡᠢ ᠴᠢᠳᠠᠪᠤᠷᠢᠲᠠᠨ ᠢ ᠬᠥᠮᠥᠵᠢᠭᠦᠯᠬᠦ ᠶᠢ ᠴᠢᠬᠤᠯᠠᠴᠢᠯᠠᠵᠤ᠂ ᠡᠮᠡᠭᠲᠡᠶᠢᠴᠦᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠵᠤ᠂ ᠡᠮᠡᠭᠲᠡᠶᠢᠴᠦᠳ ᠤᠨ ᠠᠵᠤ ᠠᠬᠤᠢ ᠨᠡᠶᠢᠭᠡᠮ ᠤᠨ ᠪᠦᠲᠦᠭᠡᠨ ᠪᠠᠶᠢᠭᠤᠯᠤᠯᠲᠠ ᠳᠤ ᠭᠦᠢᠴᠡᠳ ᠡᠷᠬᠡ ᠲᠡᠭᠰᠢ ᠪᠠᠷ ᠣᠷᠣᠯᠴᠠᠬᠤ ᠳᠤ ᠨᠠᠩ ᠣᠯᠠᠨ ᠠᠵᠠ ᠲᠣᠬᠢᠶᠠᠯ ᠪᠠ ᠨᠥᠬᠦᠴᠡᠯ ᠢ ᠡᠭᠦᠳᠦᠨ ᠥᠭᠴᠦ᠂ ᠨᠠᠩ ᠣᠯᠠᠨ ᠡᠮᠡᠭᠲᠡᠶᠢᠴᠦᠳ ᠢ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠠ ᠮᠠᠨ ᠤ ᠬᠤᠲᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠨᠠᠶᠢᠳᠠᠪᠤᠷᠢᠵᠢᠭᠤᠯᠬᠤ ᠭᠠᠯ ᠬᠠᠯᠠᠭᠤᠨ ᠦᠢᠯᠡᠳᠦᠯᠭᠡ ᠳᠤ ᠣᠷᠣᠯᠴᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠳᠤᠮᠳᠠ ᠨᠠᠩ ᠶᠡᠭᠡ ᠬᠤᠪᠢ ᠨᠡᠮᠡᠷᠢ ᠦᠵᠡᠭᠦᠯᠵᠦ᠂ ᠬᠠᠮᠤᠭ ᠤᠨ ᠭᠤᠶᠣ ᠰᠠᠶᠢᠬᠠᠨ ᠳᠦᠷᠢ ᠲᠥᠷᠬᠦ ᠶᠢ ᠨᠢ ᠦᠯᠡᠳᠡᠭᠡᠬᠦ ᠬᠡᠷᠡᠭᠳᠡᠢ᠃ ᠬᠡᠦᠬᠡᠳ ᠢ ᠤᠷᠢᠳᠠᠪᠡᠷ ᠪᠣᠳᠣᠯᠬᠢᠯᠠᠬᠤ ᠵᠠᠷᠴᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠦᠬᠡᠳ ᠤᠨ ᠰᠤᠷᠭᠠᠨ ᠬᠥᠮᠦᠵᠢᠯ ᠢ ᠤᠷᠢᠳᠠᠪᠡᠷ ᠬᠥᠭᠵᠢᠭᠦᠯᠬᠦ᠂ ᠡᠷᠡᠭᠦᠯ ᠮᠡᠨᠳᠦ ᠶᠢ ᠤᠷᠢᠳᠠᠪᠡᠷ ᠪᠠᠲᠤᠯᠠᠬᠤ᠂ ᠠᠰᠠᠷᠠᠮᠵᠢ ᠶᠢ ᠤᠷᠢᠳᠠᠪᠡᠷ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠬᠡᠦᠬᠡᠳ ᠤᠨ ᠡᠷᠡᠭᠦᠯ ᠴᠢᠭᠢᠷᠠᠭ ᠪᠠᠶᠠᠷ ᠪᠠᠶᠠᠰᠤᠯ ᠲᠠᠢ ᠪᠠᠷ ᠦᠰᠦᠨ ᠪᠣᠶᠢᠵᠢᠬᠤ ᠶᠢ ᠪᠠᠲᠤᠯᠠᠬᠤ ᠬᠡᠷᠡᠭᠲᠡᠢ᠃ ᠰᠠᠶᠢᠨ ᠰᠠᠶᠢᠬᠠᠨ ᠭᠡᠷ ᠪᠦᠯᠢ ᠶᠢᠨ ᠪᠣᠯᠪᠠᠰᠤᠨ ᠤ ᠬᠡᠪ ᠰᠤᠷᠲᠠᠯ ᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠬᠡᠦᠬᠡᠳ ᠢ ︽ᠵᠢᠷᠭᠤᠭᠠᠨ ᠪᠠᠳᠠᠭ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠭᠦᠨᠵᠡᠭᠡᠢ ᠰᠤᠷᠤᠯᠴᠠᠨ ᠡᠵᠡᠮᠰᠢᠭᠦᠯᠬᠦ ᠪᠠᠷ ᠬᠥᠮᠥᠵᠢᠭᠦᠯᠦᠨ ᠵᠢᠯᠤᠭᠤᠳᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ︽ᠭᠤᠷᠪᠠᠨ ᠰᠠᠯᠵᠤ ᠴᠢᠳᠠᠬᠤ ᠦᠭᠡᠢ︾ ︽ᠲᠠᠪᠤᠨ ᠬᠠᠮᠲᠤ ᠶᠢᠨ ᠲᠠᠨᠢᠯᠳᠠ︾ ᠶᠢᠨ ᠦᠵᠡᠯ ᠰᠠᠨᠠᠭ᠎ᠠ ᠪᠣᠯᠣᠨ ︽ᠲᠦᠷᠪᠡᠨ ᠬᠠᠮᠲᠤ ᠣᠷᠣᠰᠢᠬᠤ︾ ᠣᠶᠢᠯᠠᠭᠠᠭᠳᠠᠬᠤᠨ ᠢ ᠥᠷᠭᠡᠨ ᠤᠯᠠᠨ ᠡᠮᠡᠭᠲᠡᠶᠢᠴᠦᠳ ᠬᠡᠦᠬᠡᠳ ᠤᠨ ᠰᠡᠳᠬᠢᠯ ᠳᠤ ᠭᠦᠨ ᠦᠨᠳᠦᠰᠦᠯᠡᠭᠦᠯᠬᠦ ᠬᠡᠷᠡᠭᠲᠡᠢ᠃ ᠥᠷᠭᠡᠨ ᠤᠯᠠᠨ ᠡᠮᠡᠭᠲᠡᠶᠢᠴᠦᠳ ᠤᠬᠠᠮᠰᠠᠷ ᠠᠴᠠ ᠪᠠᠨ ᠬᠡᠦᠬᠡᠳ ᠤᠨ ᠢᠶᠠᠨ ᠡᠷᠡᠭᠦᠯ ᠢᠶᠠᠷ ᠦᠰᠦᠨ ᠪᠣᠶᠢᠵᠢᠬᠤ ᠶᠢᠨ ᠵᠠᠮᠴᠢᠯᠠᠭᠴᠢ ᠪᠣᠯᠵᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠤ ᠪᠠᠳᠠᠷᠠᠭᠤᠯᠤᠭᠴᠢ ᠪᠣᠯᠵᠤ᠂ ︽ᠪᠠᠭ᠎ᠠ ᠭᠡᠷ︾ ᠢᠶᠠᠷ ︽ᠶᠡᠭᠡ ᠬᠡᠷ︾ ᠢ ᠳᠠᠭᠠᠭᠤᠯᠵᠤ᠂ ︽ᠰᠠᠶᠢᠨ ᠭᠡᠷ ᠤᠨ ᠰᠤᠷᠲᠠᠯ︾ ᠢᠶᠠᠷ ︽ᠰᠠᠶᠢᠨ ᠨᠡᠶᠢᠭᠡᠮ ᠤᠨ ᠰᠤᠷᠲᠠᠯ︾ ᠢ ᠳᠠᠶᠢᠴᠢᠯᠠᠬᠤ ᠬᠡᠷᠡᠭᠲᠡᠢ ᠭᠡᠵᠡᠢ᠃      ᠼᠦᠢ ᠵᠢᠩ ᠶᠢᠩ ᠬᠡᠯᠡᠭᠰᠡᠨ ᠨᠢ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ᠡᠮᠡᠭᠲᠡᠶᠢᠴᠦᠳ ᠬᠡᠦᠬᠡᠳ ᠤᠨ ᠠᠵᠢᠯ ᠢ ᠪᠦᠬᠦ ᠲᠠᠯ᠎ᠠ ᠶᠢᠨ ᠠᠵᠢᠯ ᠤᠨ ᠳᠤᠮᠳᠠ ᠲᠠᠯᠪᠢᠨ ᠠᠷᠭ᠎ᠠ ᠰᠦᠪᠡᠭᠴᠢᠯᠡᠨ ᠠᠬᠢᠭᠤᠯᠵᠤ᠂ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠪᠣᠯᠣᠨ ᠬᠡᠦᠬᠡᠳ ᠢ ᠤᠷᠢᠳᠠᠪᠠᠷ ᠪᠣᠳᠣᠯᠬᠢᠯᠠᠬᠤ ᠵᠠᠷᠴᠢᠮ ᠢ ᠦᠨᠡᠨᠬᠦ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠵᠡᠷᠭᠡᠪᠡᠷ ᠲᠥᠯᠥᠪᠵᠢᠭᠦᠯᠵᠦ᠂ ᠵᠡᠷᠭᠡᠪᠡᠷ ᠬᠡᠷᠡᠭᠵᠢᠭᠦᠯᠵᠦ᠂ ᠵᠡᠷᠭᠡᠪᠡᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠦᠴᠦᠷᠬᠡᠭᠯᠡᠬᠦ᠂ ᠮᠡᠬᠡᠯᠡᠨ ᠬᠤᠳᠠᠯᠳᠤᠬᠤ᠂ ᠰᠤᠷᠭᠠᠭᠤᠯᠢ ᠶᠢᠨ ᠬᠦᠷᠢᠶᠡᠨ ᠳᠤ ᠳᠣᠷᠣᠮᠵᠢᠯᠠᠬᠤ ᠵᠡᠷᠭᠡ ᠡᠮᠡᠭᠲᠡᠶᠢᠴᠦᠳ ᠬᠡᠦᠬᠡᠳ ᠤᠨ ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ ᠬᠠᠤᠯᠢᠵᠢᠯ ᠤᠨ ᠬᠠᠯᠬᠠᠪᠴᠢ ᠶᠢ ᠪᠠᠲᠤ ᠴᠤᠭᠴᠠᠯᠠᠬᠤ ᠬᠡᠷᠡᠭᠲᠡᠢ᠃ ᠬᠤᠳᠠ ᠶᠢᠨ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠨᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠵᠢᠯᠤᠭᠤᠳᠬᠤ᠂ ᠱᠠᠯᠠᠪᠳᠠᠭᠤᠯᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠡᠮᠡᠭᠲᠡᠶᠢᠴᠦᠳ ᠬᠡᠦᠬᠡᠳ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠪᠣᠳᠠᠲᠠᠢ ᠠᠵᠢᠯ ᠬᠢᠵᠦ᠂ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠦᠷ᠎ᠡ ᠪᠦᠲᠦᠮᠵᠢ ᠣᠯᠬᠤ ᠬᠡᠷᠡᠭᠲᠡᠢ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠪᠣᠯᠣᠨ ᠠᠵᠢᠯᠴᠢᠨ ᠤ ᠡᠪᠯᠡᠯ᠂ ᠡᠪᠯᠡᠯ ᠤᠨ ᠬᠤᠷᠢᠶ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠨᠤᠭᠤᠳ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠡᠷᠭᠡ ᠶᠢ ᠬᠥᠲᠥᠯᠥᠨ ᠵᠢᠯᠤᠭᠤᠳᠴᠤ ᠪᠠᠶᠢᠭᠠᠳ ᠡᠮᠡᠭᠲᠡᠶᠢᠴᠦᠳ ᠬᠡᠦᠬᠡᠳ ᠢ ᠢᠳᠡᠪᠬᠢᠲᠡᠢ ᠪᠠᠷ ᠬᠠᠯᠠᠮᠵᠢᠯᠠᠨ ᠬᠠᠶᠢᠷᠠᠯᠠᠵᠤ᠂ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠶᠢ ᠬᠠᠮᠲᠤᠪᠠᠷ ᠠᠬᠢᠭᠤᠯᠬᠤ ᠰᠠᠶᠢᠨ ᠰᠠᠶᠢᠬᠠᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠢ ᠭᠡᠵᠡᠢ᠃      ᠬᠤᠷᠠᠯ ᠨᠢ ᠸᠢᠳᠢᠤ᠋ ᠬᠡᠯᠪᠡᠷᠢ ᠪᠠᠷ ᠬᠤᠷᠠᠯᠳᠤᠵᠤ᠂ ᠡᠯ᠎ᠡ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号