ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ︵ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ︶ ᠤᠨ ᠳ᠋ᠢᠵᠢᠲ᠋ᠠᠯᠴᠢᠯᠠᠨ ᠬᠡᠯᠪᠡᠷᠢ ᠪᠠᠨ ᠬᠤᠪᠢᠷᠠᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠮᠠᠨ ᠤ ᠬᠤᠲᠠ ᠳᠤ ᠬᠤᠷᠠᠯᠳᠣᠪᠠ
ᠨᠡᠶᠢᠲᠡᠯᠡᠭᠰᠡᠨ ᠴᠠᠭ᠄
2024/4/11
     4 ᠰᠠᠷ᠎ᠠ ᠶᠢᠨ 10 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ︵ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ︶ ᠤᠨ ᠳ᠋ᠢᠵᠢᠲ᠋ᠠᠯᠴᠢᠯᠠᠨ ᠬᠡᠯᠪᠡᠷᠢ ᠪᠠᠨ ᠬᠤᠪᠢᠷᠠᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠮᠠᠨ ᠤ ᠬᠤᠳᠠ ᠳᠤ ᠬᠤᠷᠠᠯᠳᠤᠪᠠ᠃

     ᠲᠤᠰ ᠤᠳᠠᠭᠠᠨ ᠤ ᠠᠵᠢᠯᠯᠠᠭ᠎ᠠ ᠨᠢ ︽ᠳ᠋ᠢᠵᠢᠲ᠋ᠠᠯᠴᠢᠯᠠᠨ ᠬᠡᠯᠪᠡᠷᠢ ᠪᠠᠨ ᠬᠤᠪᠢᠷᠠᠭᠤᠯᠵᠤ ᠠᠵᠤ ᠦᠢᠯᠡᠰ ᠲᠤ

ᠴᠢᠳᠠᠪᠤᠷᠢ ᠣᠯᠭᠤᠬᠤ︾ ᠪᠠᠷ ᠭᠤᠣᠯ ᠰᠡᠳᠦᠪ ᠪᠣᠯᠭᠠᠵᠤ᠂ ᠡᠭᠦᠨ ᠤ ᠵᠣᠷᠢᠯᠭ᠎ᠠ ᠨᠢ ᠥᠪᠡᠷᠲᠡᠭᠡᠨ ᠵᠠᠰᠠᠬᠤ ᠣᠷᠣᠨ ᠤ

ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠵᠤ ᠠᠬᠤᠶᠢᠯᠠᠯ ᠤᠨ

ᠳ᠋ᠢᠵᠢᠲ᠋ᠠᠯᠴᠢᠯᠠᠭᠰᠠᠨ ᠲᠦᠪᠰᠢᠨ ᠢᠶᠠᠨ ᠳᠡᠭᠡᠭᠰᠢᠯᠡᠭᠦᠯᠵᠦ᠂ ᠳ᠋ᠢᠵᠢᠲ᠋ᠠᠯᠴᠢᠯᠠᠨ ᠬᠡᠯᠪᠡᠷᠢ ᠪᠠᠨ ᠬᠤᠪᠢᠷᠠᠭᠤᠯᠬᠤ

ᠦᠢᠯᠡᠴᠢᠯᠡᠭᠡᠨ ᠤ ᠡᠵᠡᠩᠨᠡᠭᠴᠢ ᠶᠢᠨ ᠬᠠᠩᠭᠠᠯᠭ᠎ᠠ ᠶᠢᠨ ᠴᠢᠳᠠᠪᠤᠷᠢ ᠶᠢ ᠨᠢ ᠦᠷᠭᠦᠯᠵᠢᠯᠡᠨ ᠳᠡᠭᠡᠭᠰᠢᠯᠡᠭᠦᠯᠵᠦ᠂ ᠰᠢᠨ᠎ᠡ

ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ

ᠠᠭᠤᠰᠤᠯᠴᠠᠯ ᠢ ᠲᠦᠷᠭᠡᠨ ᠠᠬᠢᠭᠤᠯᠵᠤ᠂ ᠳ᠋ᠢᠵᠢᠲ᠋ᠠᠯᠴᠢᠯᠠᠨ ᠬᠡᠯᠪᠡᠷᠢ ᠪᠠᠨ ᠬᠤᠪᠢᠷᠠᠭᠤᠯᠬᠤ ᠪᠠᠷ ᠠᠵᠤ

ᠦᠢᠯᠡᠳᠪᠦᠷᠢ ᠶᠢᠨ ᠬᠦᠷᠢᠶᠡᠨ ᠤ ᠳᠡᠭᠡᠳᠦ ᠲᠡᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠲᠡᠰᠢ ᠠᠬᠢᠬᠤ ᠶᠢ

ᠠᠬᠢᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠴᠢᠨᠠᠷ ᠰᠠᠶᠢᠲᠠᠢ ᠬᠥᠭᠵᠢᠯᠲᠡ ᠶᠢ

ᠠᠬᠢᠭᠤᠯᠬᠤ ᠶᠢᠨ ᠲᠥᠯᠥᠭᠡ ᠶᠤᠮ᠃

     ᠬᠤᠷᠠᠯ ᠳᠡᠭᠡᠷ᠎ᠡ᠂ ᠦᠬᠠᠢ ᠬᠤᠳᠠ ᠶᠢᠨ ᠦᠢᠯᠡᠳᠬᠦ ᠦᠢᠯᠡᠰ ᠤᠨ ᠳ᠋ᠢᠵᠢᠲ᠋ᠠᠯᠴᠢᠯᠠᠨ ᠬᠡᠯᠪᠡᠷᠢ ᠪᠠᠨ

ᠬᠤᠪᠢᠷᠠᠭᠤᠯᠬᠤ ᠣᠷᠣᠨ ᠪᠦᠰᠡ ᠶᠢᠨ ᠠᠵᠤ ᠦᠢᠯᠡᠳᠪᠦᠷᠢ ᠶᠢᠨ ᠰᠦᠯᠵᠢᠶᠡᠨ ᠤ ᠲᠠᠪᠴᠠᠩ ᠢ ᠨᠡᠶᠢᠲᠡᠯᠡᠪᠡ︔ ᠥᠪᠥᠷ ᠮᠣᠩᠭᠤᠯ ᠤᠨ ᠳ᠋ᠢᠵᠢᠲ᠋ᠠᠯ ᠤᠨ ᠪᠡᠯᠡ ᠣᠷᠣᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠬᠢᠭᠡᠳ ᠦᠬᠠᠢ ᠬᠤᠲᠠ ᠶᠢᠨ ᠭᠤᠷᠪᠠᠨ ᠲᠣᠮᠣ ᠴᠠᠬᠢᠯᠭᠠᠨ ᠬᠤᠯᠪᠣᠭᠠᠨ ᠤ ᠡᠵᠡᠩᠨᠡᠭᠴᠢ ᠯᠦᠭᠡ ᠭᠡᠷ᠎ᠡ ᠲᠣᠭᠲᠠᠪᠠ︔ ᠤᠯᠠᠨ ᠠᠵᠢᠯ ᠲᠦᠷᠦᠯ ᠤᠨ ᠲᠤᠰᠬᠠᠢ ᠮᠡᠷᠭᠡᠵᠢᠯᠲᠡᠨ ᠪᠣᠯᠣᠨ ᠠᠵᠤ ᠠᠬᠤᠶᠢᠯᠠᠯ ᠤᠨ ᠲᠥᠯᠥᠭᠡᠯᠡᠭᠴᠢ ᠳ᠋ᠢᠵᠢᠲ᠋ᠠᠯᠴᠢᠯᠠᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠦᠢᠯᠡᠳᠦᠯᠭᠡ ᠶᠢᠨ ᠲᠤᠷᠰᠢᠯᠭ᠎ᠠ᠂ ᠰᠢᠨ᠎ᠡ ᠶᠢ ᠡᠭᠦᠳᠬᠦ ᠠᠷᠭ᠎ᠠ ᠵᠠᠮ ᠵᠢᠴᠢ ᠲᠤᠯᠭᠠᠷᠠᠵᠤ ᠪᠠᠶᠢᠭ᠎ᠠ ᠥᠷᠢᠰᠦᠯᠳᠦᠭᠡᠨ ᠪᠣᠯᠣᠨ ᠠᠵᠠ ᠲᠣᠬᠢᠶᠠᠯ ᠤᠨ ᠲᠤᠬᠠᠢ ᠬᠤᠪᠢᠶᠠᠯᠴᠠᠪᠠ᠃      ᠬᠤᠷᠠᠯ ᠳᠤ ᠣᠷᠣᠯᠴᠠᠭᠰᠠᠨ ᠥᠪᠥᠷ ᠮᠣᠩᠭᠤᠯ ᠤᠨ ᠳ᠋ᠢᠵᠢᠲ᠋ᠠᠯ ᠤᠨ ᠪᠡᠯᠡ ᠣᠷᠣᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠢᠯᠡᠷᠭᠡᠶᠢᠯᠡᠭᠰᠡᠨ ᠨᠢ᠂ ᠳ᠋ᠢᠵᠢᠲ᠋ᠠᠯ ᠤᠨ ᠪᠡᠯᠡ ᠣᠷᠣᠭᠤᠯᠤᠯᠲᠠ ᠶᠢᠨ ᠺᠣᠮᠫᠠᠨᠢ ᠨᠢ ᠶᠡᠷᠦᠩᠬᠡᠢ ᠬᠤᠷᠠᠮᠠᠯ ᠦᠢᠯᠡᠴᠢᠯᠡᠭᠡᠨ ᠤ ᠡᠵᠡᠩᠨᠡᠭᠴᠢ ᠪᠣᠯᠤᠭᠰᠠᠨ ᠤ ᠬᠤᠪᠢ ᠳᠤ᠂ ᠦᠬᠠᠢ ᠬᠤᠲᠠ ᠶᠢᠨ ᠦᠢᠯᠡᠳᠬᠦ ᠦᠢᠯᠡᠰ ᠤᠨ ᠳ᠋ᠢᠵᠢᠲ᠋ᠠᠯᠴᠢᠯᠠᠨ ᠬᠡᠯᠪᠡᠷᠢ ᠪᠠᠨ ᠬᠤᠪᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠠᠵᠤ ᠦᠢᠯᠡᠳᠪᠦᠷᠢ ᠶᠢᠨ ᠵᠥᠭᠡᠯᠡᠨ ᠲᠣᠨᠤᠭ ᠵᠢᠴᠢ ᠠᠵᠤ ᠦᠢᠯᠡᠳᠪᠦᠷᠢ ᠶᠢᠨ ᠰᠦᠯᠵᠢᠶᠡᠨ ᠤ ᠲᠠᠪᠴᠠᠩ ᠢᠶᠠᠷ ᠭᠤᠣᠯ ᠪᠣᠯᠭᠠᠵᠤ᠂ ᠦᠵᠦ ᠲᠥᠯᠦᠪᠵᠢᠭᠦᠯᠭᠡ᠂ ᠡᠬᠢ ᠪᠠᠶᠠᠯᠢᠭ ᠢ ᠨᠡᠶᠢᠳᠭᠡᠬᠦ᠂ ᠲᠠᠪᠴᠠᠩ ᠤᠨ ᠬᠡᠷᠡᠭᠯᠡᠯᠲᠡ ᠵᠡᠷᠭᠡ ᠦᠢᠯᠡᠴᠢᠯᠡᠭᠡ ᠬᠠᠩᠭᠠᠵᠤ᠂ ᠣᠷᠣᠨ ᠪᠦᠰᠡ ᠶᠢᠨ ᠲᠠᠰ᠂ ᠠᠵᠢᠯ ᠲᠥᠷᠥᠯ ᠤᠨ ᠲᠠᠰ ᠤᠨ ᠠᠵᠤ ᠦᠢᠯᠡᠳᠪᠦᠷᠢ ᠶᠢᠨ ᠰᠦᠯᠵᠢᠶᠡᠨ ᠤ ᠲᠠᠪᠴᠠᠩ ᠢ ᠪᠣᠶ ᠪᠣᠯᠭᠠᠵᠤ᠂ ᠦᠬᠠᠢ ᠬᠤᠲᠠ ᠶᠢᠨ ᠳ᠋ᠢᠵᠢᠲ᠋ᠠᠯᠴᠢᠯᠠᠭᠰᠠᠨ ᠠᠵᠤ ᠦᠢᠯᠡᠰ ᠤᠨ ᠬᠥᠭᠵᠢᠯᠲᠡ ᠪᠠ ᠠᠵᠤ ᠠᠬᠤᠶᠢᠯᠠᠯ ᠤᠨ ᠳ᠋ᠢᠵᠢᠲ᠋ᠠᠯᠴᠢᠯᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠳᠡᠭᠡᠳᠦ ᠲᠠᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠳᠠᠰᠢ ᠬᠥᠭᠵᠢᠬᠦ ᠶᠢ ᠠᠬᠢᠭᠤᠯᠤᠨ᠎ᠠ ᠭᠡᠵᠡᠢ᠃      ᠮᠠᠨ ᠤ ᠬᠤᠲᠠ ᠴᠤ ᠲᠤᠰ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠲᠣᠯᠣᠭᠠᠶᠢᠯᠠᠭᠴᠢ ᠶᠢ ᠰᠣᠩᠭᠤᠬᠤ᠂ ᠬᠡᠪ ᠳᠠᠭᠤᠷᠢᠶᠠᠯ ᠦᠵᠡᠭᠦᠯᠬᠦ᠂ ᠬᠥᠲᠥᠯᠥᠨ ᠵᠢᠯᠤᠭᠤᠳᠬᠤ ᠶᠢ ᠴᠢᠬᠤᠯᠠᠴᠢᠯᠠᠬᠤ᠂ ᠪᠦᠬᠦᠨ ᠢ ᠬᠠᠮᠤᠷᠬᠤ ᠰᠡᠳᠬᠢᠴᠡ ᠳᠤ ᠰᠠᠭᠤᠷᠢᠯᠠᠨ᠂ ᠴᠢᠭ ᠬᠡᠯᠪᠡᠷᠢ ᠶᠢᠨ ᠰᠢᠪᠲᠤᠯᠤᠯᠲᠠ᠂ ᠴᠢᠭ ᠢ ᠬᠤᠯᠪᠣᠵᠤ ᠱᠤᠭᠤᠮ ᠪᠣᠯᠭᠠᠬᠤ᠂ ᠱᠤᠭᠤᠮ ᠢ ᠲᠥᠪᠯᠡᠷᠡᠭᠦᠯᠵᠦ ᠲᠠᠯ᠎ᠠ ᠪᠣᠯᠭᠠᠬᠤ ︽ᠴᠢᠭ ᠱᠤᠭᠤᠮ ᠲᠠᠯ᠎ᠠ︾ ᠶᠢ ᠤᠶᠠᠯᠳᠤᠭᠤᠯᠬᠤ ᠵᠠᠭᠪᠤᠷ ᠢ ᠠᠪᠬᠤ ᠪᠤᠯᠤᠨ᠎ᠠ᠂ ᠲᠤᠬᠠᠶᠢᠯᠠᠪᠠᠯ ︽ᠴᠢᠭ︾ ᠢᠶᠠᠨ ᠬᠥᠲᠥᠴᠢ ᠭᠤᠤᠯᠯᠠᠭᠴᠢ ᠠᠵᠤ ᠠᠬᠤᠶᠢᠯᠠᠯ ᠤᠨ ᠪᠥᠬᠦ ᠴᠤᠪᠤᠷᠠᠯ ᠤᠨ ᠳ᠋ᠢᠵᠢᠲ᠋ᠠᠯᠴᠢᠯᠠᠭᠰᠠᠨ ᠲᠠᠯᠠᠪᠤᠷ ᠤᠨ ᠪᠦᠲᠦᠭᠡᠨ ᠪᠠᠶᠢᠭᠤᠯᠤᠯᠲᠠ ᠥᠷᠨᠢᠭᠦᠯᠬᠦ ᠶᠢ ᠳᠡᠮᠵᠢᠵᠦ᠂ ︽ᠱᠤᠭᠤᠮ︾ ᠢᠶᠠᠷ ᠡᠯ᠎ᠡ ᠨᠠᠷᠢᠨ ᠬᠤᠪᠢᠶᠠᠷᠢ ᠬᠡᠯᠬᠢᠶᠡᠰᠦ ᠶᠢᠨ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠳ᠋ᠢᠵᠢᠲ᠋ᠠᠯᠴᠢᠯᠠᠨ ᠬᠡᠯᠪᠡᠷᠢ ᠶᠢ ᠨᠢ ᠬᠤᠪᠢᠷᠠᠭᠤᠯᠵᠤ᠂ ︽ᠲᠠᠯ᠎ᠠ︾ ᠪᠠᠷ ᠠᠵᠤ ᠦᠢᠯᠡᠳᠪᠦᠷᠢ ᠶᠢᠨ ᠰᠦᠯᠵᠢᠶᠡᠨ ᠤ ᠲᠠᠪᠴᠠᠩ ᠢ ᠪᠠᠶᠢᠭᠤᠯᠤᠨ ᠠᠵᠤ ᠠᠬᠤᠶᠢᠯᠠᠯ ᠳᠤ ᠲᠦᠷᠢᠶᠡᠰᠦᠯᠡᠬᠦ ᠪᠠᠷ ᠬᠤᠳᠠᠯᠳᠤᠨ ᠠᠪᠬᠤ ᠶᠢ ᠣᠷᠣᠯᠠᠭᠤᠯᠬᠤ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ᠂ ᠮᠠᠨ ᠤ ᠬᠤᠲᠠ ᠶᠢᠨ ᠦᠢᠯᠡᠳᠬᠦ ᠦᠢᠯᠡᠰ ᠤᠨ ᠳ᠋ᠢᠵᠢᠲ᠋ᠠᠯᠴᠢᠯᠠᠨ ᠬᠡᠯᠪᠡᠷᠢ ᠪᠠᠨ ᠬᠤᠪᠢᠷᠠᠭᠤᠯᠬᠤ ᠠᠵᠢᠯ ᠢᠶᠠᠨ ᠪᠥᠬᠦ ᠲᠠᠯ᠎ᠠ ᠪᠠᠷ ᠲᠦᠯᠬᠢᠨ ᠠᠬᠢᠭᠤᠯᠤᠨ᠎ᠠ᠃      ᠬᠤᠷᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠳ ᠥᠪᠥᠷ ᠮᠣᠩᠭᠤᠯ ᠤᠨ ᠰᠢᠩ ᠹᠠ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠶᠦ᠋ᠨ ᠵᠧᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠮᠠᠨ ᠤ ᠬᠤᠳᠠ ᠶᠢᠨ ᠳ᠋ᠢᠵᠢᠲ᠋ᠠᠯᠴᠢᠯᠠᠨ ᠬᠡᠯᠪᠡᠷᠢ ᠪᠠᠨ ᠬᠤᠪᠢᠷᠠᠭᠤᠯᠤᠭᠰᠠᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠳᠠᠬᠢ ᠪᠣᠳᠠᠲᠠᠢ ᠬᠡᠷᠡᠭᠯᠡᠯᠲᠡ ᠪᠠ ᠦᠷ᠎ᠡ ᠪᠦᠲᠦᠮᠵᠢ ᠶᠢ ᠨᠢ ᠭᠦᠨᠵᠡᠭᠡᠢ ᠣᠶᠢᠯᠠᠭᠠᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号