ᠳᠤᠮᠳᠠᠳᠤ ᠤᠯᠤᠰ ᠤᠨ ᠲᠡᠮᠦᠷ ᠵᠠᠮ ᠤᠨ ᠬᠤᠷᠢᠳᠤᠭᠠᠷ ᠲᠣᠪᠴᠢᠶᠠᠨ ᠤ ᠪᠦᠯᠦᠭᠯᠡᠯ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/12
     4 ᠰᠠᠷ᠎ᠠ ᠶᠢᠨ 10 ᠠᠴᠠ 11 ᠤ ᠡᠳᠦᠷ ᠪᠣᠯᠲᠠᠯ᠎ᠠ᠂ ᠳᠤᠮᠳᠠᠳᠤ ᠤᠯᠤᠰ ᠤᠨ ᠲᠡᠮᠦᠷ ᠵᠠᠮ ᠤᠨ ᠺᠣᠮᠫᠠᠨᠢ ᠶᠢᠨ ᠬᠤᠷᠢᠳᠤᠭᠠᠷ ᠲᠤᠪᠴᠢᠶᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠧᠢ ᠸᠧᠢ ᠪᠢᠩ ᠪᠦᠯᠬᠦᠮ ᠳᠠᠭᠠᠭᠤᠯᠤᠨ ᠮᠠᠨ ᠤ ᠬᠤᠳᠠ ᠳᠤ ᠢᠷᠡᠵᠦ᠂ ᠬᠠᠳᠤᠨ ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠴᠥᠭᠦᠷᠥᠮ ᠤᠨ ᠣᠷᠣᠨ ᠤ ᠬᠤᠷᠠᠳᠠᠰᠣ ᠶᠢ ᠪᠠᠭᠠᠰᠬᠠᠠ ᠪᠠᠭᠲᠠᠭᠠᠮᠵᠢ ᠶᠢ ᠥᠷᠭᠡᠳᠬᠡᠵᠦ ᠡᠯᠡᠰᠦ ᠶᠢ ᠪᠠᠭᠠᠰᠬᠠᠵᠤ ᠤᠰᠤ ᠶᠢ ᠰᠣᠯᠢᠬᠤ ᠬᠤᠯᠪᠤᠭᠳᠠᠯ ᠪᠦᠬᠦᠢ ᠠᠵᠢᠯ ᠤᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠲᠠ ᠶᠢᠨ ᠳᠡᠳ᠋ ᠳᠠᠷᠤᠭ᠎ᠠ ᠭᠤᠸ ᠪᠥᠸᠧ ᠪᠠᠷ᠎ᠠ ᠪᠣᠯᠪᠠ᠃      ᠯᠧᠢ ᠸᠧᠢ ᠪᠢᠩ ᠨᠠᠷ ᠤᠷᠢᠳ ᠬᠤᠵᠢᠳ ᠦᠬᠠᠢ ᠨᠠᠭᠤᠷ ᠤᠨ ᠪᠠᠷᠠᠭᠤᠨ ᠡᠷᠭᠢ ᠪᠣᠯᠣᠨ ᠴᠠᠩ ᠬᠤᠩ ᠭᠧᠦ  ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠳᠤ ᠬᠦᠷᠴᠦ᠂ ᠬᠠᠳᠤᠨ ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠴᠥᠭᠦᠷᠥᠮ ᠤᠨ ᠣᠷᠣᠨ ᠤ ᠬᠤᠷᠠᠳᠠᠰᠣ ᠶᠢ ᠪᠠᠭᠠᠰᠬᠠᠠ ᠪᠠᠭᠲᠠᠭᠠᠮᠵᠢ ᠶᠢ ᠥᠷᠭᠡᠳᠬᠡᠬᠦ ᠣᠷᠣᠨ ᠪᠣᠯᠣᠨ ᠬᠠᠳᠤᠨ ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠴᠥᠭᠦᠷᠥᠮ ᠤᠨ ᠣᠷᠣᠨ ᠤ ᠬᠤᠷᠠᠳᠠᠰᠣ ᠶᠢ ᠪᠠᠭᠠᠰᠬᠠᠠ ᠪᠠᠭᠲᠠᠭᠠᠮᠵᠢ ᠶᠢ ᠥᠷᠭᠡᠳᠬᠡᠵᠤ ᠠᠭᠤᠷᠬᠠᠢ ᠶᠢᠨ ᠵᠠᠰᠠᠯᠲᠠ ᠶᠢᠨ ᠣᠷᠣᠨ ᠤ ᠬᠤᠯᠪᠣᠭᠳᠠᠯ ᠪᠦᠬᠦᠢ ᠪᠠᠶᠢᠳᠠᠯ ᠢ ᠨᠢ ᠨᠠᠷᠢᠨ ᠣᠶᠢᠯᠠᠭᠠᠪᠠ᠃      ᠶᠠᠷᠢᠯᠴᠠᠬᠤ ᠬᠤᠷᠠᠯ ᠳᠡᠭᠡᠷ᠎ᠡ ᠯᠸᠢ ᠸᠧᠢ ᠪᠢᠩ ᠬᠡᠯᠡᠭᠰᠡᠨ ᠨᠢ᠂ ᠳᠤᠮᠳᠠᠳᠤ ᠤᠯᠤᠰ ᠤᠨ ᠲᠡᠮᠦᠷ ᠵᠠᠮ ᠤᠨ ᠺᠣᠮᠫᠠᠨᠢ ᠶᠢᠨ ᠬᠤᠷᠢᠳᠤᠭᠠᠷ ᠲᠤᠪᠴᠢᠶᠠᠨ ᠤ ᠪᠦᠯᠦᠭᠯᠡᠯ ᠤᠨ ᠬᠢᠨ ᠦᠬᠠᠢ ᠬᠤᠳᠠ ᠶᠢᠨ ᠬᠤᠳᠠ ᠶᠢᠨ ᠪᠦᠲᠦᠭᠡᠨ ᠪᠠᠶᠢᠭᠤᠯᠤᠯᠲᠠ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠣᠷᠣᠯᠴᠠᠵᠤ᠂ ᠠᠵᠢᠯ ᠤᠨ ᠲᠤᠰᠬᠠᠢ ᠪᠠᠭ ᠪᠠᠶᠢᠭᠤᠯᠵᠤ᠂ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠪᠦᠳᠦᠭᠦᠪᠴᠢ ᠵᠥᠪᠯᠡᠯᠴᠡᠭᠡᠷ ᠲᠤ ᠴᠠᠭ ᠲᠤᠬᠠᠢ ᠳᠤᠨᠢ ᠭᠠᠷ ᠤᠨ ᠦᠰᠦᠭ ᠵᠢᠷᠤᠵᠤ᠂ ᠬᠤᠳᠠ ᠶᠢᠨ ᠵᠠᠰᠠᠭ ᠤᠨ ᠣᠷᠳᠣᠨ ᠲᠠᠢ ᠬᠠᠮᠵᠢᠯᠴᠠᠨ ᠦᠬᠠᠢ ᠨᠠᠭᠤᠷ ᠤᠨ ᠬᠤᠷᠠᠳᠠᠰᠣ ᠶᠢ ᠴᠡᠪᠡᠷᠯᠡᠨ ᠵᠠᠰᠠᠬᠤ ᠵᠢᠴᠢ ᠬᠤᠯᠪᠣᠭᠳᠠᠯ ᠪᠦᠬᠦᠢ ᠠᠵᠤ ᠦᠢᠯᠡᠰ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠶᠢ ᠲᠦᠷᠭᠡᠨ ᠠᠬᠢᠭᠤᠯᠵᠤ᠂ ᠰᠤᠳᠤᠯᠵᠤ ᠪᠣᠯᠬᠤ ᠣᠷᠣᠨ ᠲᠤᠭ᠎ᠠ᠂ ᠲᠦᠷᠦᠯ ᠵᠦᠢᠯ ᠲᠣᠭᠲᠠᠭᠠᠬᠤ ᠶᠢ ᠬᠢᠨᠠᠨ ᠵᠥᠪᠰᠢᠶᠡᠷᠡᠬᠦ ᠵᠡᠷᠭᠡ ᠠᠵᠢᠯ ᠢ ᠪᠡᠶᠡᠯᠡᠭᠦᠯᠵᠦ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠠᠬᠢᠭᠤᠯᠣᠨ᠎ᠠ ᠭᠡᠵᠡᠢ᠃      ᠭᠤᠸ ᠪᠥᠸᠧ ᠯᠧᠢ ᠸᠧᠢ ᠪᠢᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ ᠲᠡᠮᠦᠷ ᠵᠠᠮ ᠤᠨ ᠺᠣᠮᠫᠠᠨᠢ ᠶᠢᠨ ᠬᠤᠷᠢᠳᠤᠭᠠᠷ ᠲᠤᠪᠴᠢᠶᠠᠨ ᠤ ᠪᠦᠯᠦᠭᠯᠡᠯ ᠤᠨ ᠣᠷᠳᠣ ᠬᠤᠭᠤᠴᠠᠭᠠᠨ ᠤ ᠲᠤᠷᠰᠢ ᠦᠬᠠᠢ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠬᠠᠲᠤᠨ ᠭᠤᠣᠯ ᠤᠨ ᠬᠠᠶᠢᠷᠤᠪ ᠤᠨ ᠲᠤᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠴᠥᠭᠦᠷᠥᠮ ᠤᠨ ᠣᠷᠣᠨ ᠤ ᠬᠤᠷᠠᠳᠠᠰᠣ ᠶᠢ ᠪᠠᠭᠠᠰᠬᠠᠨ ᠪᠠᠭᠲᠠᠭᠠᠮᠵᠢ ᠶᠢ ᠥᠷᠭᠡᠳᠬᠡᠵᠦ ᠡᠯᠡᠰᠦ ᠶᠢ ᠪᠠᠭᠠᠰᠬᠠᠨ ᠤᠰᠤ ᠶᠢ ᠰᠣᠯᠢᠬᠤ ᠨᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠡᠷᠡᠭᠴᠡᠭᠡ ᠪᠣᠯᠬᠤ ᠪᠠᠷ ᠪᠠᠷᠠᠬᠤ ᠦᠭᠡᠢ᠂ ᠪᠠᠰᠠ ᠨᠢᠩᠰᠢᠶᠠ ᠥᠪᠥᠷ ᠮᠣᠩᠭᠤᠯ ᠤᠨ ᠬᠡᠰᠡᠭ ᠤᠨ ᠰᠥᠩ ᠬᠠᠯᠢᠶ᠎ᠠ ᠶᠢ ᠰᠡᠷᠭᠡᠶᠢᠯᠡᠬᠦ ︵ᠦᠶᠡᠷ︶ ᠠᠮᠤᠷ ᠲᠦᠪᠰᠢᠨ ᠤ ᠪᠠᠲᠤᠯᠠᠭ᠎ᠠ ᠶᠢᠨ ᠬᠡᠷᠡᠭᠴᠡᠭᠡ ᠪᠤᠯᠬᠤ ᠪᠠᠷ ᠪᠠᠷᠠᠬᠤ ᠦᠭᠡᠢ᠂ ᠴᠥᠭᠦᠷᠥᠮ ᠤᠨ ᠣᠷᠣᠨ ᠤ ᠡᠷᠬᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠴᠤ ᠴᠢᠬᠤᠯᠠ ᠠᠴᠢ ᠬᠤᠯᠪᠣᠭᠳᠠᠯ ᠲᠠᠢ ᠶᠤᠮ᠂ ᠬᠤᠶᠠᠷ ᠲᠠᠯ᠎ᠠ ᠪᠠᠷ ᠢᠶᠠᠨ ᠤᠰᠤᠨ ᠴᠥᠭᠦᠷᠥᠮ ᠤᠨ ᠬᠤᠷᠠᠳᠠᠰᠣ ᠶᠢ ᠪᠠᠭᠠᠰᠬᠠᠨ ᠪᠠᠭᠲᠠᠭᠠᠮᠵᠢ ᠶᠢ ᠥᠷᠭᠡᠳᠬᠡᠬᠦ ᠲᠤᠷᠰᠢᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠪᠠᠷ ᠳᠡᠮᠵᠢᠨ᠂ ᠬᠠᠮᠲᠤ ᠶᠢᠨ ᠠᠷᠭ᠎ᠠ ᠵᠠᠮ ᠢ ᠡᠷᠢᠨ ᠣᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠦᠷᠢᠯᠳᠦᠭᠦᠯᠬᠦ ᠶᠢ ᠬᠦᠰᠡᠵᠦ ᠪᠠᠶᠢᠨ᠎ᠠ ᠭᠡᠵᠡᠢ᠃      ᠬᠤᠶᠠᠷ ᠲᠠᠯ᠎ᠠ ᠪᠠᠷ ᠢᠶᠠᠨ ᠪᠠᠰᠠ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠤᠨ ᠲᠦᠷᠦᠯ ᠵᠦᠢᠯ ᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号