ᠬᠤᠲᠠ ᠶᠢᠨ ᠵᠠᠰᠠᠭ ᠤᠨ ᠣᠷᠳᠣᠨ ᠥᠪᠥᠷ ᠮᠣᠩᠭᠤᠯ ᠤᠨ ᠰᠢᠨ ᠶᠤᠸᠠᠨ ᠵᠢᠩ ᠪᠦᠯᠦᠭᠯᠡᠯ ᠯᠦᠭᠡ ᠶᠠᠷᠢᠯᠴᠠᠬᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2024/4/12
     4 ᠰᠠᠷ᠎ᠠ ᠶᠢᠨ 11 ᠤ ᠡᠳᠦᠷ᠂ ᠬᠤᠳᠠ ᠶᠢᠨ ᠵᠠᠰᠠᠭ ᠤᠨ ᠣᠷᠳᠣᠨ ᠥᠪᠥᠷ ᠮᠣᠩᠭᠤᠯ ᠤᠨ ᠰᠢᠨ ᠶᠤᠸᠠᠨ ᠵᠢᠩ ᠪᠦᠯᠦᠭᠯᠡᠯ ᠯᠦᠭᠡ ᠶᠠᠷᠢᠯᠴᠠᠬᠤ ᠬᠤᠷᠠᠯ ᠬᠤᠷᠠᠯᠳᠣᠭᠤᠯᠵᠦ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠶᠤᠸᠠᠨ ᠵᠢᠩ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠵᠠᠬᠢᠷᠤᠯ᠂ ᠮᠧᠩ ᠰᠢᠨ ᠪᠦᠯᠦᠭᠯᠡᠯ ᠤᠨ ᠶᠡᠷᠦᠩᠬᠡᠢ ᠳᠠᠭᠠᠭᠠᠮᠠᠯ ᠯᠢ ᠸᠧᠢ ᠣᠷᠣᠯᠴᠠᠪᠡ᠃ ᠬᠤᠲᠠ ᠶᠢᠨ ᠳᠡᠳ᠋ ᠳᠠᠷᠤᠭ᠎ᠠ ᠭᠤᠣ ᠪᠥᠸᠧ ᠶᠠᠷᠢᠯᠴᠠᠬᠤ ᠬᠤᠷᠠᠯ ᠳᠤ ᠣᠷᠣᠯᠴᠠᠪᠠ᠃      ᠼᠦᠢ ᠵᠢᠩ ᠶᠢᠩ ᠯᠢ ᠸᠧᠢ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠦᠬᠠᠢ ᠬᠤᠳᠠ ᠶᠢᠨ ᠠᠵᠤ ᠦᠢᠯᠡᠰ ᠤᠨ ᠰᠠᠭᠤᠷᠢ ᠵᠤᠵᠠᠭᠠᠨ᠂ ᠡᠬᠢ ᠪᠠᠶᠠᠯᠢᠭ ᠤᠨ ᠡᠯᠧᠮᠧᠨ᠋ᠲ ᠡᠯᠪᠡᠭ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠲᠥᠪᠯᠡᠷᠡᠵᠦ᠂ ᠪᠣᠬᠢᠷᠲᠤᠯ ᠦᠭᠡᠢ ᠴᠠᠬᠢᠯᠭᠠᠨ ᠤ ᠬᠡᠷᠡᠭᠯᠡᠭᠡᠨ ᠤ ᠲᠠᠯᠠᠪᠠᠢ ᠡᠯᠪᠡᠭ ᠪᠠᠶᠠᠯᠢᠭ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠶᠤᠸᠠᠨ ᠵᠢᠩ ᠪᠦᠯᠦᠭᠯᠡᠯ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠴᠢᠭᠯᠡᠯ ᠯᠦᠭᠡ ᠳᠡᠭᠡᠳᠦ ᠬᠡᠮᠵᠢᠶ᠎ᠡ ᠪᠠᠷ ᠨᠡᠶᠢᠴᠡᠵᠦ᠂ ᠬᠠᠮᠲᠤᠷᠠᠯᠴᠠᠭᠠᠨ ᠤ ᠳᠠᠯᠳᠠ ᠬᠦᠴᠦᠨ ᠯᠤᠲᠤ ᠶᠡᠭᠡ᠂ ᠠᠯᠤᠰ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠣᠳᠣᠬᠠᠨ ᠳᠤ᠂ ᠦᠬᠠᠢ ᠬᠤᠳᠠ ᠶᠢᠨ ᠬᠢᠨ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠨ ᠠᠭᠤᠰᠤᠯᠴᠠᠵᠤ᠂ ᠰᠢᠨ᠎ᠡ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠲᠤᠯ ᠦᠭᠡᠢ ᠡᠨᠧᠷᠭᠢ ᠰᠢᠩᠭᠡᠭᠡᠬᠦ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠰᠢᠨ᠎ᠡ ᠶᠢ ᠡᠭᠦᠳᠴᠣ ᠦᠢᠯᠡᠰ ᠪᠣᠰᠬᠠᠬᠤ ᠨᠢ ᠶᠠᠭ ᠴᠠᠭ ᠲᠠᠭᠠᠨ ᠲᠣᠬᠢᠷᠠᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠪᠤᠬᠢᠷᠲᠤᠯ ᠦᠭᠡᠢ ᠴᠠᠬᠢᠯᠭᠠᠨ ᠢᠶᠠᠷ ᠣᠷᠣᠯᠠᠭᠤᠯᠬᠤ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ᠂ ᠲᠤᠤᠷ᠎ᠠ ᠨᠡᠭᠦᠷᠡᠰᠦᠲᠥ᠋ᠷᠥᠭᠴᠢᠲᠤ ᠬᠦᠷᠢᠶᠡᠯᠡᠩ ᠲᠣᠭᠤᠷᠢᠭ ᠵᠡᠷᠭᠡ ᠬᠦᠷᠢᠶᠡᠨ ᠤ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠡᠨᠧᠷᠭᠢ ᠶᠢᠨ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠭᠠᠷ ᠬᠤᠯᠪᠣᠨ ᠠᠬᠢᠭᠤᠯᠬᠤ ᠶᠢ ᠬᠦᠰᠡᠵᠦ ᠪᠠᠶᠢᠨ᠎ᠠ᠃ ᠮᠠᠨ ᠤ ᠬᠤᠲᠠ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢᠶᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠦᠴᠦᠨ ᠵᠦᠢᠯ ᠤᠨ ᠪᠠᠲᠤᠯᠠᠭ᠎ᠠ ᠪᠠᠨ ᠴᠢᠩᠭᠠᠳᠬᠠᠨ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠭᠦᠨ᠎ᠡ ᠭᠡᠵᠡᠢ᠃      ᠯᠢ ᠸᠧᠢ ᠠᠵᠤ ᠠᠬᠤᠶᠢᠯᠠᠯ ᠤᠨ ᠦᠨᠳᠦᠰᠦᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ ᠢᠯᠡᠷᠭᠡᠶᠢᠯᠡᠭᠰᠡᠨ  ᠨᠢ᠂ ᠦᠬᠠᠢ ᠬᠤᠳᠠ ᠶᠢᠨ ᠡᠬᠢ ᠪᠠᠶᠠᠯᠢᠭ ᠤᠨ ᠳᠠᠪᠠᠭᠤᠯᠢᠭ ᠢᠶᠠᠷ ᠲᠣᠪᠣᠶᠢᠮ᠎ᠠ᠂ ᠠᠵᠤ ᠦᠢᠯᠡᠰ ᠤᠨ ᠰᠠᠭᠤᠷᠢ ᠪᠠᠲᠤ᠂ ᠠᠵᠤ ᠠᠬᠤᠶᠢᠯᠠᠯ ᠶᠡᠭᠡ ᠡᠷᠡᠮᠡᠯᠵᠡᠯ ᠲᠠᠢ ᠪᠠᠶᠢᠨ᠎ᠠ᠃ ᠳᠠᠷᠠᠭᠠᠴᠢ ᠶᠢᠨ ᠠᠯᠬᠤᠮ ᠳᠤ ᠦᠬᠠᠢ ᠶᠢᠨ ᠬᠡᠷᠡᠭᠴᠡᠭᠡ ᠯᠦᠭᠡ ᠢᠳᠡᠪᠬᠢᠲᠡᠢ ᠵᠣᠯᠭᠠᠭᠤᠯᠵᠤ᠂ ᠮᠡᠷᠭᠡᠵᠢᠯ᠂ ᠴᠢᠳᠠᠪᠤᠷᠢᠲᠠᠨ ᠵᠡᠷᠭᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠢᠶᠠᠨ ᠨᠠᠷᠢᠨ ᠬᠢᠨᠠᠮᠠᠭᠠᠢ ᠲᠥᠯᠥᠪᠵᠢᠭᠦᠯᠵᠦ᠂ ᠬᠤᠶᠠᠷ ᠲᠠᠯ᠎ᠠ ᠪᠠᠷ ᠢᠶᠠᠨ ᠨᠡᠩ ᠥᠷᠭᠡᠨ ᠬᠦᠷᠢᠶ᠎ᠡ᠂ ᠨᠡᠩ ᠥᠨᠳᠥᠷ ᠲᠡᠰ ᠳᠠᠪᠬᠤᠷᠭ᠎ᠠ ᠳᠤ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠵᠤ᠂ ᠦᠬᠠᠢ ᠶᠢᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号