​ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠬᠤᠷᠢᠶᠠᠨ  ᠤ ᠭᠤᠷᠪᠠᠳᠤᠭᠠᠷ ᠣᠳᠠᠭᠠᠨ ᠤ ᠬᠤᠷᠠᠯ ᠪᠠ ᠬᠤᠲᠠ ᠶᠢᠨ ᠲᠠᠪᠤᠨ ᠶᠡᠭᠡ ᠡᠭᠦᠷᠭᠡ ᠶᠢ ᠪᠡᠶᠡᠯᠡᠭᠦᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠣᠳᠠᠭᠠᠨ  ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/12
     4 ᠰᠠᠷ᠎ᠠ ᠶᠢᠨ 11 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠵᠢᠴᠢ ᠬᠤᠳᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠳᠠ ᠪᠠᠨ ᠵᠠᠰᠠᠬᠤ ᠬᠤᠷᠢᠶᠠᠨ ᠤ ᠭᠤᠷᠪᠠᠳᠤᠭᠠᠷ ᠣᠳᠠᠭᠠᠨ ᠤ ᠬᠤᠷᠠᠯ ᠪᠠ ᠬᠤᠳᠠ ᠶᠢᠨ ᠲᠠᠪᠤᠨ ᠶᠡᠭᠡ ᠡᠭᠦᠷᠭᠡ ᠶᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠣᠳᠠᠭᠠᠨ  ᠤ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠪᠣᠯᠣᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠡᠷᠭᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ 3 ᠰᠠᠷ᠎ᠠ ᠶᠢᠨ 29 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠡᠯ᠎ᠡ ᠲᠦᠷᠦᠯ ᠤᠨ ᠰᠢᠨᠵᠢᠯᠡᠨ ᠪᠠᠶᠢᠴᠠᠭᠠᠬᠤ᠂ ᠴᠠᠭᠳᠠᠨ ᠪᠠᠶᠢᠴᠠᠭᠠᠬᠤ᠂ ᠬᠢᠨᠠᠨ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠡᠯ᠎ᠡ ᠲᠦᠷᠦᠯ ᠤᠨ ᠠᠰᠠᠭᠤᠳᠠᠯ ᠢᠶᠠᠨ ᠲᠣᠭᠲᠠᠭᠰᠠᠨ ᠬᠤᠭᠤᠴᠠᠭᠠᠨ ᠳᠤ ᠪᠦᠬᠦᠨ ᠢ ᠴᠡᠪᠡᠷᠯᠡᠬᠦ ᠶᠢ ᠪᠠᠲᠤᠯᠠᠬᠤ ᠬᠡᠷᠡᠭᠲᠡᠢ︔ ᠬᠤᠳᠠ ᠶᠢᠨ ᠬᠠᠷᠢᠶᠠᠨ ᠳᠠᠬᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠪᠣᠯᠣᠨ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠨᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ ᠬᠠᠷᠢᠶᠠᠨ ᠳᠠᠬᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠴᠠᠭᠳᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠥᠮᠴᠢᠯᠡᠯ ᠤᠨ ᠬᠥᠷᠥᠩᠭᠡ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠠᠰᠣᠷᠠᠯᠳᠠ ᠦᠭᠡᠢ ᠬᠦᠴᠦᠷᠭᠡᠭᠵᠢᠬᠦ ᠰᠢᠯᠢᠳᠡᠭᠵᠢᠬᠦ ᠪᠤᠵᠠᠭᠠᠶᠢᠷᠠᠬᠤ ᠶᠢ ᠠᠬᠢᠭᠤᠯᠬᠤ ᠬᠡᠷᠡᠭᠳᠡᠢ᠃ ᠰᠢ ᠶᠢᠨ ᠫᠢᠩ ᠶᠡᠷᠦᠩᠬᠡᠢ ᠱᠦᠵᠢ ᠶᠢᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠣᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠬᠠᠳᠤᠨ ᠭᠤᠣᠯ ᠤᠨ ︽︿几﹀ ᠦᠰᠦᠭᠲᠦ ᠲᠤᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠪᠠᠲᠤ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠬᠠᠷᠠᠯᠲᠠ ᠪᠠᠨ ᠲᠣᠭᠲᠠᠭᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠤᠨ ᠪᠦᠬᠦ ᠲᠠᠯ᠎ᠠ ᠪᠠᠷ ᠬᠤᠷᠳᠤᠴᠠ ᠪᠠᠨ ᠲᠦᠷᠭᠡᠳᠭᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ︔ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠣᠶᠢᠵᠢᠭᠤᠯᠬᠤ ᠳᠤ ᠲᠣᠬᠢᠷᠠᠮᠵᠢᠲᠠᠢ ᠪᠣᠯ ᠣᠶᠢᠵᠢᠭᠤᠯᠵᠤ᠂ ᠡᠪᠡᠰᠦ ᠤᠷᠭᠤᠭᠤᠯᠬᠤ ᠳᠤ ᠲᠣᠬᠢᠷᠠᠮᠵᠢᠲᠠᠢ ᠪᠣᠯ ᠡᠪᠡᠰᠦ ᠤᠷᠭᠤᠭᠤᠯᠬᠤ ᠶᠢ ᠪᠠᠷᠢᠮᠲᠠᠯᠠᠵᠤ᠂ ᠤᠷᠭᠤᠮᠠᠯ ᠤᠨ ᠬᠤᠴᠢᠯᠭ᠎ᠠ ᠶᠢᠨ ᠲᠦᠷᠦᠯ ᠵᠦᠢᠯ ᠵᠡᠷᠭᠡ ᠪᠠᠶᠢᠳᠠᠯ ᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠶᠢᠨ ᠠᠵᠤ ᠠᠬᠤᠢ ᠶᠢᠨ ᠴᠢᠨᠠᠷ᠂ ᠵᠣᠬᠢᠴᠠᠬᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ︔ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠶ ᠮᠣᠳᠣᠨ ᠤ ᠬᠠᠮᠢᠶᠠᠷᠤᠯᠲᠠ ᠬᠠᠮᠠᠭᠠᠯᠠᠯᠲᠠ ᠪᠠᠨ ᠴᠢᠩᠭᠠᠳᠬᠠᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢᠶᠠᠨ ᠰᠠᠶᠢᠲᠤᠷ ᠬᠢᠵᠦ᠂ ᠬᠢᠯᠪᠠᠷ ᠪᠤᠰᠤ ᠪᠠᠷ ᠣᠯᠣᠭᠰᠠᠨ ᠨᠣᠭᠤᠭᠠᠷᠠᠭᠤᠯᠤᠯᠲᠠ ᠶᠢᠨ ᠦᠷ᠎ᠡ ᠪᠦᠲᠦᠭᠡᠯ ᠢᠶᠠᠨ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ︽ᠦᠨᠡᠨ︾ ᠰᠡᠳᠬᠦᠯ ᠳᠤ ᠨᠡᠶᠢᠲᠡᠯᠡᠭᠰᠡᠨ ᠰᠢ ᠶᠢᠨ ᠫᠢᠩ ᠶᠡᠷᠦᠩᠬᠡᠢ ᠱᠦᠵᠢ ᠶᠢᠨ ︽ᠡᠷᠬᠡᠪᠰᠢ ᠠᠷᠠᠳ ᠲᠦᠮᠡᠨ ᠢ ᠳᠡᠭᠡᠳᠦᠯᠡᠬᠦ ᠬᠡᠷᠡᠭᠳᠡᠢ︾ ᠬᠡᠰᠡᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ︽ᠬᠠᠯᠠᠭᠤᠨ ᠳᠤᠯᠠᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠨᠠᠶᠢᠳᠠᠨ ᠬᠥᠮᠥᠵᠢᠭᠦᠯᠬᠦ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ᠂ ᠤᠯᠠᠨ ᠲᠦᠮᠡᠨ ᠤ ᠪᠡᠶ᠎ᠡ ᠶᠢ  ᠨᠢ ᠳᠤᠯᠠᠭᠠᠴᠠᠭᠤᠯᠬᠤ ᠮᠥᠷᠲᠡᠭᠡᠨ ᠰᠡᠳᠬᠢᠯ ᠢ ᠨᠢ ᠳᠤᠯᠠᠭᠠᠴᠠᠭᠤᠯᠬᠤ ᠬᠡᠷᠡᠭᠲᠡᠢ ᠭᠡᠵᠡᠢ᠃      ᠬᠤᠷᠠᠯ ᠠᠴᠠ ︽ᠪᠦᠬᠦ ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠢ ᠤᠯᠠᠮᠵᠢᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠠᠨᠢᠬᠤ᠂ ᠰᠠᠬᠢᠯᠭ᠎ᠠ ᠪᠠᠲᠤ ᠶᠢ ᠰᠠᠬᠢᠬᠤ ᠶᠢ ᠬᠥᠮᠥᠵᠢᠭᠦᠯᠦᠨ ᠬᠥᠲᠥᠯᠥᠨ ᠵᠢᠯᠤᠭᠤᠳᠴᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠲᠠᠢ ᠤᠶᠠᠯᠳᠤᠭᠤᠯᠵᠤ᠂ ᠨᠠᠷᠢᠨ ᠬᠢᠨᠠᠮᠠᠭᠠᠢ ᠲᠥᠯᠥᠪᠯᠡᠨ ᠲᠣᠬᠢᠷᠠᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠶᠠᠷ ᠲᠠᠯ᠎ᠠ ᠶᠢ ᠠᠳᠬᠤᠬᠤ᠂ ᠬᠤᠶᠠᠷ ᠢ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠪᠦᠬᠦ ᠤᠯᠤᠰ ᠲᠤ ᠥᠷᠨᠢᠭᠦᠯᠦᠭᠰᠡᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠦᠬᠠᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠲᠦᠪᠡᠭᠲᠡᠢ ᠵᠦᠢᠯ ᠬᠦᠴᠢᠷ ᠠᠰᠠᠭᠤᠳᠠᠯ ᠵᠢᠴᠢ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠳᠲᠡᠷ ᠲᠦᠷᠭᠡᠨ ᠬᠥᠳᠡᠯᠦᠯᠴᠡᠵᠦ᠂ ᠬᠦᠴᠦᠲᠡᠢ ᠠᠬᠢᠭᠤᠯᠵᠤ᠂ ᠴᠡᠭᠴᠡᠯᠡᠨ ᠵᠠᠰᠠᠬᠤ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠦᠢᠯᠡᠴᠢᠯᠡᠭᠡᠨ ᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠨᠠᠷᠢᠨ ᠵᠦᠢᠯᠡᠰ ᠪᠠᠭ᠎ᠠ ᠶᠠᠪᠤᠳᠠᠯ ᠳᠤ ᠬᠦᠴᠦ ᠲᠠᠯᠪᠢᠬᠤ ᠶᠢ ᠴᠢᠬᠤᠯᠠᠴᠢᠯᠠᠵᠤ᠂ ᠬᠤᠳᠠᠯᠳᠤᠭ᠎ᠠ ᠶᠢ ᠬᠦᠨᠳᠦᠳᠬᠡᠬᠦ ᠬᠤᠳᠠᠯᠳᠤᠭ᠎ᠠ ᠶᠢ ᠴᠢᠬᠤᠯᠠᠴᠢᠯᠠᠬᠤ ᠬᠤᠳᠠᠯᠳᠤᠭ᠎ᠠ ᠶᠢ ᠠᠮᠤᠷᠵᠢᠭᠤᠯᠬᠤ ᠬᠤᠳᠠᠯᠳᠤᠭ᠎ᠠ ᠶᠢ ᠳᠣᠲᠣᠨᠣᠴᠢᠯᠠᠬᠤ ᠥᠳᠬᠡᠨ ᠵᠤᠵᠠᠭᠠᠨ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠳᠤ ᠦᠨᠡᠨ ᠪᠣᠳᠠᠲᠠᠢ ᠬᠦᠷᠲᠡᠮᠵᠢ ᠶᠢᠨ ᠲᠥᠷᠥᠭᠳᠡᠯ ᠲᠠᠢ ᠪᠣᠯᠭᠠᠬᠤ ᠬᠡᠷᠡᠭᠲᠡᠢ᠃ ᠠᠮᠠᠯᠠᠯᠲᠠ ᠪᠠᠨ ᠪᠠᠲᠤ ᠰᠠᠬᠢᠬᠤ ᠶᠢ ᠴᠢᠬᠤᠯᠠᠴᠢᠯᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠲᠠᠢ ᠤᠶᠠᠯᠳᠤᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠦᠬᠠᠢ ᠶᠢᠨ ᠬᠥᠮᠥᠰ ᠤᠨ ᠦᠨᠡᠨᠴᠢ ᠢᠲᠡᠭᠡᠮᠵᠢ ᠶᠢ ᠡᠷᠬᠢᠮᠯᠡᠬᠦ᠂ ᠦᠨᠡᠨᠴᠢ ᠢᠲᠡᠭᠡᠮᠵᠢ ᠶᠢ ᠰᠠᠬᠢᠬᠤ ᠳᠦᠷᠢ ᠲᠥᠷᠬᠦ ᠶᠢ ᠦᠨᠡᠨᠬᠦ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠬᠤᠷᠢᠶᠠᠨ ᠤ ᠳᠥᠷᠪᠡᠳᠦᠭᠡᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠶᠡᠭᠡ ᠲᠠᠯ᠎ᠠ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠪᠦᠬᠦ ᠲᠠᠯ᠎ᠠ ᠪᠠᠷ ᠠᠬᠢᠭᠤᠯᠵᠤ᠂ ᠨᠡᠩ ᠥᠨᠳᠥᠷ ᠲᠦᠪᠰᠢᠨ ᠪᠦᠬᠦᠢ ᠬᠠᠤᠯᠢᠵᠢᠯ ᠤᠨ ᠦᠬᠠᠢ ᠶᠢ ᠲᠦᠷᠭᠡᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠲᠠᠪᠤᠨ ᠶᠡᠭᠡ ᠡᠭᠦᠷᠭᠡ︾ ᠶᠢ ᠬᠡᠷᠡᠭᠵᠢᠭᠦᠯᠬᠦ ᠲᠥᠰᠥᠯ ᠪᠣᠯᠣᠨ 2024 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ ᠶᠢ ᠬᠢᠨᠠᠨ ᠵᠥᠪᠯᠡᠵᠦ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠪᠠᠨ ᠰᠠᠶᠢᠲᠤᠷ ᠠᠳᠬᠤᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠦᠨᠳᠦᠰᠦᠨ ᠱᠠᠲᠤᠨ ᠤ ᠵᠠᠰᠠᠯᠲᠠ ᠶᠢᠨ ︽ᠲᠠᠷᠣᠭᠠᠰᠣ ᠶᠢ ᠬᠡᠲᠤ ᠬᠦᠨᠳᠦᠷᠡᠭᠦᠯᠦᠭᠰᠡᠨ︾ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ︽ᠮᠢᠩᠭᠠᠨ ᠲᠣᠰᠬᠤᠨ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠤᠨ ᠲᠤᠷᠰᠢᠯᠭ᠎ᠠ ᠶᠢ ᠠᠰᠢᠭᠯᠠᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠡᠷᠭᠡ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号