ᠼᠦᠢ ᠵᠢᠩ ᠶᠢᠩ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠪᠣᠯᠣᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/15
     ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠪᠤᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃      ᠼᠦᠢ ᠵᠢᠩ ᠶᠢᠩ ᠤᠷᠢᠳ ᠬᠤᠵᠢᠳ ᠯᠦᠩ ᠶᠤᠸᠠᠨ ᠤ15MW ᠶᠢᠨ ︽ᠰᠠᠯᠭᠢ ᠬᠡᠷᠡᠯ ᠬᠠᠳᠠᠭᠠᠯᠠᠮᠵᠢ ᠲᠡᠷᠭᠡ︾ ᠶᠢᠨ ᠰᠢᠨ᠎ᠡ ᠡᠨᠧᠷᠭᠢ ᠶᠢᠨ ᠲᠦᠷᠦᠯ ᠵᠦᠢᠯ ᠪᠣᠯᠣᠨ ᠮᠤᠷᠤᠢ ᠭᠤᠤᠯ ᠤᠨ ᠠᠴᠢᠶᠠᠨ ᠤ ᠮᠠᠰᠢᠨ ᠳᠤ ᠴᠠᠬᠢᠯᠭᠠᠨ ᠰᠣᠯᠢᠬᠤ ᠦᠷᠳᠡᠭᠡ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠣᠯᠣᠨ ᠡᠵᠡᠩᠨᠡᠯᠲᠡ ᠬᠠᠮᠢᠶᠠᠷᠤᠯᠲᠠ ᠵᠡᠷᠭᠡ ᠪᠠᠶᠢᠳᠠᠯ ᠢ ᠨᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ ᠬᠡᠯᠡᠭᠰᠡᠨ ᠨᠢ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠨᠢ ᠬᠤᠲᠠ ᠶᠢᠨ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠪᠠᠷ ᠬᠡᠯᠪᠡᠷᠢ ᠪᠠᠨ ᠬᠤᠪᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠬᠡᠷᠡᠭᠯᠡᠭᠡᠨ ᠤ ᠲᠠᠯᠠᠪᠤᠷ ᠢᠶᠠᠨ ᠪᠠᠶᠠᠯᠢᠭᠵᠢᠭᠤᠯᠵᠤ᠂ ᠲᠠᠰᠤᠷᠬᠠᠢ ᠴᠢᠭ ᠤᠨ ᠲᠦᠭᠵᠢᠷᠡᠯ ᠢ ᠨᠠᠪᠲᠠᠷᠡᠭᠦᠯᠵᠦ᠂ ᠰᠢᠨ᠎ᠡ ᠡᠨᠧᠷᠭᠢ ᠶᠢᠨ ᠠᠴᠢᠶᠠᠨ ᠤ ᠮᠠᠰᠢᠨ ᠤ ᠬᠡᠷᠡᠭᠯᠡᠯᠲᠡ ᠳᠡᠯᠭᠡᠷᠡᠭᠦᠯᠦᠯᠲᠡ ᠶᠢ ᠲᠦᠷᠭᠡᠳᠬᠡᠵᠦ᠂ ᠴᠠᠬᠢᠯᠭᠠᠨ ᠰᠣᠯᠢᠬᠤ ᠦᠷᠲᠡᠭᠡ᠂ ᠴᠠᠬᠢᠯᠭᠠᠨ ᠴᠡᠨᠡᠭᠯᠡᠬᠦ ᠦᠷᠲᠡᠭᠡ ᠵᠡᠷᠭᠡ ᠰᠠᠭᠤᠷᠢ ᠲᠥᠬᠦᠭᠡᠷᠦᠮᠵᠢ ᠪᠠᠨ ᠲᠡᠭᠦᠯᠳᠡᠷᠵᠢᠭᠦᠯᠵᠦ᠂ ᠡᠮᠦᠨ᠎ᠡ ᠦᠵᠦᠬᠦᠷ ᠤᠨ ᠨᠡᠭᠡᠭᠡᠨ ᠬᠥᠭᠵᠢᠭᠦᠯᠦᠯᠳᠡ ᠠᠴᠠ ᠡᠴᠦᠰ ᠤᠨ ᠦᠵᠦᠭᠦᠷ ᠤᠨ ᠬᠡᠷᠡᠭᠯᠡᠯᠳᠡ ᠬᠦᠷᠲᠡᠯᠡᠬᠢ ᠪᠦᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠬᠡᠷᠡᠭᠲᠡᠢ ᠭᠡᠵᠡᠢ᠃      ᠴᠠᠪᠴᠢᠷ ᠨᠡᠭᠦᠷᠡᠰᠦᠨ ᠠᠭᠤᠷᠬᠠᠢ ᠪᠣᠯᠣᠨ ᠱᠧᠨ ᠯᠦᠩ ᠨᠡᠭᠦᠷᠡᠰᠦᠨ ᠠᠭᠤᠷᠬᠠᠢ ᠳᠤ᠂ ᠼᠦᠢ ᠵᠢᠩ ᠶᠢᠩ ᠦᠢᠯᠡᠳᠪᠦᠷᠢᠯᠡᠯ ᠡᠵᠡᠩᠨᠡᠯᠲᠡ᠂ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠵᠠᠰᠠᠯᠲᠠ᠂ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠠᠮᠤᠷ ᠲᠦᠪᠰᠢᠨ ᠪᠣᠯᠣᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠴᠠᠭ ᠢᠮᠠᠭᠲᠠ ᠰᠠᠨᠠᠭ᠎ᠠ ᠠᠮᠤᠷ ᠪᠠᠶᠢᠵᠦ ᠪᠤᠯᠬᠤ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠣᠯᠣᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠵᠤ᠂ ᠬᠦᠨᠳᠦ ᠶᠡᠭᠡ ᠭᠡᠮ ᠰᠣᠭᠤᠭ ᠤᠨ ᠵᠠᠰᠠᠯᠲᠠ ᠪᠠᠨ ᠭᠦᠨᠵᠡᠭᠡᠶᠢᠷᠡᠭᠦᠯᠵᠦ᠂ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠠᠵᠤ ᠠᠬᠤᠶᠢᠯᠠᠯ ᠤᠳ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠡᠯ᠎ᠡ ᠵᠦᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠯᠠᠬᠤ ᠳᠦᠷᠢᠮᠵᠢᠯ ᠢᠶᠠᠨ ᠵᠢᠷᠤᠮᠵᠢᠭᠤᠯᠵᠤ᠂ ᠠᠮᠤᠷ ᠲᠦᠪᠰᠢᠨ ᠤ ᠮᠡᠷᠭᠡᠵᠢᠯ ᠤᠨ ᠥᠭᠡᠷᠡᠴᠢᠯᠡᠯᠲᠡ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ︽ᠬᠥᠮᠥᠨ ᠢᠶᠠᠷ ᠰᠡᠷᠭᠡᠶᠢᠯᠡᠬᠦ+ ᠪᠣᠳᠠᠰ ᠢᠶᠠᠷ ᠰᠡᠷᠭᠡᠶᠢᠯᠡᠬᠦ+ ᠮᠡᠷᠭᠡᠵᠢᠯ ᠢᠶᠠᠷ ᠰᠡᠷᠭᠡᠶᠢᠯᠡᠬᠦ︾ ᠠᠮᠤᠷ ᠲᠦᠪᠰᠢᠨ ᠤ ᠰᠢᠰᠲ᠋ᠧᠮ ᠢ ᠪᠠᠶᠢᠭᠤᠯᠵᠤ᠂ ᠨᠡᠭᠦᠷᠡᠰᠦᠨ ᠠᠭᠤᠷᠬᠠᠢ ᠶᠢᠨ ᠮᠥᠨ ᠴᠢᠨᠠᠷ ᠤᠨ ᠠᠮᠤᠷ ᠲᠦᠪᠰᠢᠨ ᠤ ᠬᠡᠮᠵᠢᠶ᠎ᠡ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号