ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/15
      4 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠳᠤ ᠲᠣᠬᠢᠷᠠᠭᠤᠯᠤᠯᠲᠠ ᠬᠢᠪᠡ᠃ ᠬᠤᠲᠠ ᠶᠢᠨ ᠤᠳᠤᠷᠢᠳᠤᠯᠭ᠎ᠠ ᠭᠦᠸᠧ ᠢ ᠵᠢᠶᠧ᠂ ᠵᠠᠩ ᠮᠢᠩ ᠮᠢᠩ᠂ ᠭᠤᠸ ᠪᠥᠸᠧ ᠣᠷᠣᠯᠴᠠᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ᠂ ᠠᠵᠤ ᠠᠬᠤᠢ ᠶᠢᠨ ᠠᠵᠢᠯᠯᠠᠭᠠᠨ ᠢ ᠲᠣᠭᠲᠠᠭᠤᠨ ᠪᠠᠶᠢᠯᠭᠠᠬᠤ ᠶᠢᠨ ᠴᠢᠬᠤᠯᠠ ᠭᠠᠷᠳᠠᠴᠠ ᠮᠥᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠤᠶᠢᠯ ᠤᠨ ᠴᠢᠬᠤᠯᠠ ᠶᠤᠮ᠃ ᠲᠦᠷᠦᠯ ᠵᠦᠢᠯ ᠢ ᠠᠳᠬᠤᠬᠤ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠨᠢ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠭᠠᠷᠳᠠᠮ ᠭᠦᠢᠴᠡᠳᠬᠡᠬᠦ᠂ ᠭᠠᠵᠠᠷ ᠬᠡᠷᠡᠭᠯᠡᠬᠦ ᠶᠢ ᠲᠠᠲᠠᠪᠤᠷᠢᠯᠠᠬᠤ ᠪᠠ ᠨᠤᠷᠠᠭᠠᠬᠤ ᠵᠡᠷᠭᠡ ᠠᠵᠢᠯ ᠢᠶᠠᠨ ᠰᠠᠶᠢᠲᠤᠷ ᠬᠢᠵᠦ᠂ ᠲᠦᠷᠭᠡᠨ ᠭᠦᠢᠴᠡᠳᠬᠡᠬᠦ ᠶᠢ ᠴᠢᠩᠭ᠎ᠠ ᠠᠳᠬᠤᠵᠤ᠂ ᠬᠤᠷᠳᠤᠴᠠ ᠪᠠᠨ ᠲᠦᠷᠭᠡᠳᠭᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ︽ᠲᠡᠷᠢᠭᠦᠨ ᠳᠤ ᠣᠷᠣᠬᠤ ᠪᠠᠷ ᠴᠢᠷᠮᠠᠶᠢᠵᠤ᠂ ᠮᠣᠷᠢ ᠤᠷᠤᠯᠳᠣᠬᠤ ᠮᠡᠲᠤ ᠪᠠᠷ ᠬᠦᠴᠦᠯᠡᠬᠦ︾ ᠠᠵᠢᠯ ᠤᠨ ᠲᠣᠭᠲᠠᠴᠠ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠮᠥᠷᠳᠡᠨ ᠲᠣᠬᠢᠷᠠᠭᠤᠯᠬᠤ ᠪᠠᠨ ᠴᠢᠩᠭᠠᠳᠬᠠᠨ᠂ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠪᠥᠬᠦ ᠵᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠬᠢᠨᠠᠨ ᠪᠤᠳᠤᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠤᠳᠤᠯᠪᠡ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号