ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/4/15
     4 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠠᠷᠤᠭ᠎ᠠ ᠱᠧᠩ ᠰᠢᠶᠤᠤ ᠶᠸᠤ ᠪᠦᠯᠬᠦᠮ ᠳᠠᠭᠠᠭᠤᠯᠤᠨ ᠮᠠᠨ ᠤ ᠬᠤᠳᠠ ᠳᠤ ᠬᠠᠳᠤᠨ ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠶᠢᠨ ᠴᠥᠭᠦᠷᠥᠮ ᠤᠨ ᠣᠷᠣᠨ ᠤ ᠬᠤᠷᠠᠳᠠᠰᠣ ᠶᠢ ᠪᠠᠭᠠᠰᠬᠠᠨ ᠪᠠᠭᠲᠠᠭᠠᠮᠵᠢ ᠶᠢ ᠥᠷᠭᠡᠳᠬᠡᠵᠦ ᠡᠯᠡᠰᠦ ᠶᠢ ᠪᠠᠭᠠᠰᠬᠠᠵᠤ ᠤᠰᠤ ᠶᠢ ᠰᠣᠯᠢᠬᠤ ᠬᠤᠯᠪᠤᠭᠳᠠᠯ ᠪᠦᠬᠦᠢ ᠠᠵᠢᠯ ᠤᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠳᠡᠳ᠋ ᠳᠠᠷᠤᠭ᠎ᠠ ᠭᠤᠸ ᠪᠥᠸᠧ ᠣᠷᠣᠯᠴᠠᠪᠡ᠃      ᠱᠧᠩ ᠰᠢᠶᠤᠤ ᠶᠸᠤ ᠨᠠᠷ ᠤᠷᠢᠳ ᠬᠤᠵᠢᠳ ᠦᠬᠠᠢ ᠨᠠᠭᠤᠷ ᠤᠨ ᠪᠠᠷᠠᠭᠤᠨ ᠡᠷᠭᠢ ᠪᠣᠯᠣᠨ ᠴᠠᠩ ᠬᠤᠩ ᠭᠧᠦ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠳᠤ ᠬᠦᠷᠴᠦ᠂ ᠬᠠᠳᠤᠨ ᠭᠤᠣᠯ ᠤᠨ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠴᠥᠭᠦᠷᠥᠮ ᠤᠨ ᠣᠷᠣᠨ ᠤ ᠬᠤᠷᠠᠳᠠᠰᠣ ᠶᠢ ᠪᠠᠭᠠᠰᠬᠠᠨ ᠪᠠᠭᠲᠠᠭᠠᠮᠵᠢ ᠶᠢ ᠥᠷᠭᠡᠳᠬᠡᠬᠦ ᠣᠷᠣᠨ ᠪᠦᠰᠡ ᠶᠢᠨ ᠬᠤᠷᠠᠵᠤ ᠲᠤᠨᠤᠭᠰᠠᠨ ᠪᠠᠶᠢᠳᠠᠯ ᠪᠣᠯᠣᠨ ᠴᠠᠩ ᠬᠤᠩ ᠭᠧᠦ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠠᠭᠤᠷᠬᠠᠢ ᠶᠢᠨ ᠨᠦᠬᠡ ᠶᠢᠨ ᠪᠠᠭᠲᠠᠭᠠᠮᠵᠢ ᠶᠢ ᠨᠢ ᠨᠠᠷᠢᠨ ᠣᠶᠢᠯᠠᠭᠠᠪᠠ᠃      ᠶᠠᠷᠢᠯᠴᠠᠬᠤ ᠬᠤᠷᠠᠯ ᠳᠡᠭᠡᠷ᠎ᠡ᠂ ᠱᠧᠩ ᠰᠢᠶᠤᠤ ᠶᠸᠤ ᠬᠡᠯᠡᠭᠰᠡᠨ ᠨᠢ᠂ ᠬᠠᠶᠢᠷᠤᠪ ᠤᠨ ᠲᠣᠬᠤᠢ ᠶᠢᠨ ᠤᠰᠤᠨ ᠠᠰᠢᠭᠯᠠᠯᠲᠠ ᠶᠢᠨ ᠬᠦᠢᠰᠦ ᠪᠣᠯ ᠬᠠᠳᠤᠨ ᠭᠤᠣᠯ ᠤᠨ ᠥᠪᠥᠷ ᠮᠣᠩᠭᠤᠯ ᠤᠨ ᠬᠡᠰᠡᠭ ᠤᠨ ᠰᠦᠩ ᠬᠠᠯᠢᠶ᠎ᠠ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠤᠨ ᠴᠢᠬᠤᠯᠠ ᠡᠵᠡᠮᠳᠡᠯ ᠤᠨ ᠴᠢᠨᠠᠷᠲᠠᠢ ᠢᠨᠵᠧᠨᠧᠷᠢᠩ ᠪᠣᠯᠣᠨ᠎ᠠ᠂ ᠤᠰᠤᠨ ᠴᠥᠭᠦᠷᠥᠮ ᠤᠨ ᠬᠤᠷᠠᠳᠠᠰᠣ ᠶᠢ ᠪᠠᠭᠠᠰᠬᠠᠬᠤ ᠨᠢ ᠲᠤᠬᠠᠢ ᠶᠢᠨ ᠭᠠᠵᠠᠷ ᠵᠢᠴᠢ ᠳᠣᠣᠷᠠᠳᠤ ᠤᠷᠤᠰᠬᠠᠯ ᠤᠨ ᠬᠡᠰᠡᠭ ᠤᠨ ᠰᠦᠩ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ᠂ ᠤᠰᠤᠨ ᠴᠥᠭᠦᠷᠥᠮ ᠤᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠴᠥᠭᠦᠷᠥᠮ ᠤᠨ ᠣᠷᠣᠨ ᠤ ᠬᠤᠷᠠᠳᠠᠰᠣ ᠶᠢ ᠪᠠᠭᠠᠰᠬᠠᠨ ᠪᠠᠭᠲᠠᠭᠠᠮᠵᠢ ᠶᠢ ᠥᠷᠭᠡᠳᠬᠡᠵᠦ ᠡᠯᠡᠰᠦ ᠶᠢ ᠪᠠᠭᠠᠰᠬᠠᠵᠤ ᠤᠰᠤ ᠶᠢ ᠰᠣᠯᠢᠬᠤ ᠲᠤᠷᠰᠢᠯᠲᠠ ᠶᠢᠨ ᠴᠢᠭ ᠤᠨ ᠢᠨᠵᠧᠨᠧᠷᠢᠩ ᠪᠣᠯ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠲᠣᠮᠣ ᠬᠡᠯᠪᠡᠷᠢ ᠶᠢᠨ ᠤᠰᠤᠨ ᠴᠥᠭᠦᠷᠥᠮ ᠤᠨ ᠬᠤᠷᠠᠳᠠᠰᠣ ᠶᠢ ᠪᠠᠭᠠᠰᠬᠠᠨ ᠪᠠᠭᠲᠠᠭᠠᠮᠵᠢ ᠶᠢ ᠥᠷᠭᠡᠳᠬᠡᠬᠦ ᠰᠢᠨ᠎ᠡ ᠠᠷᠭ᠎ᠠ ᠵᠠᠮ ᠢ ᠰᠦᠪᠡᠭᠴᠢᠯᠡᠬᠦ ᠶᠢᠨ ᠦᠨᠳᠦᠰᠦᠨ ᠬᠡᠷᠡᠭᠴᠡᠭᠡ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠬᠡᠮᠵᠢᠶᠡᠨ ᠤ ᠠᠩᠬᠠᠷᠤᠯ ᠢ ᠲᠠᠲᠠᠪᠠ᠃ ᠦᠬᠠᠢ ᠬᠤᠳᠠ ᠶᠢᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠬᠤ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢᠨ ᠭᠠᠷᠳᠠᠴᠠ ᠶᠢ ᠰᠠᠶᠢᠲᠤᠷ ᠠᠰᠢᠭᠯᠠᠵᠤ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠰᠢᠨ᠎ᠡ ᠠᠷᠭ᠎ᠠ ᠵᠠᠮ ᠢ ᠨᠡᠭᠡᠭᠡᠵᠦ᠂ ᠬᠤᠷᠠᠳᠠᠰᠣ ᠶᠢ ᠪᠠᠭᠠᠰᠬᠠᠬᠤ᠂ ᠪᠠᠭᠲᠠᠭᠠᠮᠵᠢ ᠶᠢ ᠥᠷᠭᠡᠳᠬᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠤᠯᠢ ᠴᠠᠭᠠᠵᠠ ᠶᠢᠨ ᠪᠠᠲᠤᠯᠠᠭ᠎ᠠ ᠪᠠᠨ ᠴᠢᠩᠭᠠᠷᠠᠭᠤᠯᠵᠤ᠂ ᠪᠡᠯᠡ ᠮᠥᠩᠭᠦ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠬᠢᠨᠠᠨ ᠪᠤᠳᠤᠬᠤ᠂ ᠦᠨᠡᠯᠡᠨ ᠵᠢᠱᠢᠬᠦ ᠠᠵᠢᠯ ᠢᠶᠠᠨ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠡᠯᠧᠮᠧᠨ᠋ᠲ ᠬᠠᠷᠢᠯᠴᠠᠨ ᠨᠥᠬᠦᠪᠦᠷᠢᠯᠡᠬᠦ᠂ ᠠᠵᠤ ᠦᠢᠯᠡᠰ ᠬᠠᠷᠢᠯᠴᠠᠨ ᠬᠥᠳᠡᠯᠦᠯᠴᠡᠭᠰᠡᠨ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠡᠢ᠃      ᠼᠦᠢ ᠵᠢᠩ ᠶᠢᠩ ᠱᠧᠩ ᠰᠢᠶᠤᠤ ᠶᠸᠤ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠯᠭᠤᠭᠰᠠᠨ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠦᠬᠠᠢ ᠬᠤᠳᠠ ᠶᠢᠨ ᠬᠢᠨ ᠴᠥᠭᠦᠷᠥᠮ ᠤᠨ ᠣᠷᠣᠨ ᠤ ᠬᠤᠷᠠᠳᠠᠰᠣ ᠶᠢ ᠪᠠᠭᠠᠰᠬᠠᠨ ᠪᠠᠭᠲᠠᠭᠠᠮᠵᠢ ᠶᠢ ᠥᠷᠭᠡᠳᠬᠡᠵᠤ ᠡᠯᠡᠰᠦ ᠶᠢ ᠪᠠᠭᠠᠰᠬᠠᠵᠤ ᠤᠰᠤ ᠶᠢ ᠰᠣᠯᠢᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠣᠯᠣᠯᠴᠠᠭ᠎ᠠ ᠵᠣᠬᠢᠴᠠᠭᠤᠯᠭ᠎ᠠ ᠪᠠᠨ ᠴᠢᠨᠠᠭᠰᠢᠳᠠ ᠴᠢᠩᠭᠠᠳᠬᠠᠵᠤ᠂ ᠲᠤᠰᠬᠠᠢ ᠪᠠᠭ ᠵᠣᠬᠢᠶᠠᠨ ᠪᠠᠶᠢᠭᠤᠯᠵᠤ ᠪᠣᠭᠤᠮᠢ ᠶᠢ ᠡᠪᠳᠡᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠤᠷᠰᠢᠯᠲᠠ ᠶᠢᠨ ᠲᠥᠰᠥᠯ ᠢᠶᠠᠨ ᠨᠠᠷᠢᠯᠢᠭᠵᠢᠭᠤᠯᠵᠤ᠂ ᠲᠥᠰᠥᠯ ᠤᠨ ᠪᠣᠯᠣᠮᠵᠢᠲᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠢᠶᠠᠨ ᠥᠨᠳᠥᠷ ᠪᠦᠲᠦᠮᠵᠢᠲᠡᠢ ᠪᠥᠭᠡᠳ ᠬᠦᠴᠦᠲᠡᠢ ᠠᠬᠢᠭᠤᠯᠬᠤ ᠶᠢ ᠪᠠᠲᠤᠯᠠᠨ᠎ᠠ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号