ᠲᠠᠩ ᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠶᠢ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/15
     4 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠶᠢ ᠡᠭᠦᠳᠦᠨ ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠤᠳᠤᠷᠢᠳᠤᠯᠭ᠎ᠠ ᠰᠦᠨ ᠬᠤᠸ᠂ ᠯᠢ ᠴᠦᠨ ᠰᠢᠶᠣᠣ᠂ ᠬᠤᠸ ᠰᠢ ᠬᠤᠩ ᠣᠷᠣᠯᠴᠠᠪᠡ᠃

     ᠲᠠᠩ ᠢ ᠬᠠᠶᠢᠷᠤᠪ ᠤᠨ ᠲᠣᠬᠤᠢ ᠲᠣᠭᠤᠷᠢᠭ ᠤᠨ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠮᠦᠸᠧ

ᠰᠢᠶᠠᠩ ᠯᠢ ᠶᠤᠸᠠᠨ ᠨᠡᠶᠢᠭᠡᠮ ᠲᠣᠭᠤᠷᠢᠭ ᠲᠤ ᠬᠦᠷᠴᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ

ᠦᠵᠡᠭᠦᠯᠬᠦ ᠶᠢ ᠡᠭᠦᠳᠦᠨ ᠪᠠᠶᠢᠭᠤᠯᠤᠭᠰᠠᠨ᠂ ᠨᠡᠶᠢᠭᠡᠮ ᠲᠣᠭᠤᠷᠢᠭ ᠤᠨ ᠵᠠᠰᠠᠯᠲᠠ᠂ ᠦᠨᠳᠦᠰᠦᠨ ᠱᠠᠲᠤᠨ ᠤ

ᠳᠠᠷᠤᠭᠠᠰᠤ ᠶᠢ ᠬᠥᠩᠭᠡᠷᠡᠭᠦᠯᠦᠭᠰᠡᠨ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠰᠢ ᠶᠢᠨ ᠫᠢᠩ

ᠶᠡᠷᠦᠩᠬᠡᠢ ᠱᠦᠵᠢ ᠶᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ

ᠴᠤᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ᠂ ᠪᠠᠰᠠ

ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ︾ ᠭᠡᠰᠡᠨ ᠴᠢᠬᠤᠯᠠ

ᠶᠡᠭᠡ ᠨᠤᠲᠠᠯᠠᠯᠲᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ

ᠬᠡᠷᠡᠭᠲᠡᠢ᠃ ᠠᠵᠢᠯ ᠤᠨ ᠪᠣᠳᠠᠲᠠᠢ ᠲᠠᠢ ᠪᠠᠨ ᠨᠢᠭᠲᠠ ᠤᠶᠠᠯᠳᠤᠭᠤᠯᠤᠨ᠂ ᠭᠤᠣᠯ ᠰᠢᠵᠢᠮ ᠢᠶᠠᠷ ᠬᠥᠲᠥᠯᠥᠨ

ᠳᠠᠭᠠᠭᠤᠯᠬᠤ ᠪᠠᠨ ᠴᠢᠩᠭᠠᠷᠠᠭᠤᠯᠵᠤ᠂ ᠥᠪᠡᠷᠮᠢᠴᠡ ᠣᠨᠴᠠᠯᠢᠭ ᠲᠠᠢ ᠬᠢᠯᠠᠰ ᠴᠢᠭ ᠢᠶᠠᠨ ᠲᠣᠪᠤᠶᠢᠯᠭᠠᠨ᠂ ᠠᠷᠭ᠎ᠠ

ᠮᠠᠶ᠋ᠢᠭ ᠤᠨ ᠰᠢᠨ᠎ᠡ ᠶᠢ ᠡᠭᠦᠳᠴᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠶᠢ

ᠡᠭᠦᠳᠦᠨ ᠪᠠᠶᠢᠭᠤᠯᠬᠤ ᠶᠢ ᠨᠡᠶᠢᠭᠡᠮ ᠲᠣᠭᠤᠷᠢᠭ ᠤᠨ ᠠᠵᠢᠯ ᠯᠤᠭ᠎ᠠ ᠣᠷᠭᠠᠨᠢᠭ ᠢᠶᠠᠷ ᠤᠶᠠᠯᠳᠤᠭᠤᠯᠤᠨ᠂

ᠠᠭᠤᠰᠤᠯᠴᠠᠭᠤᠯᠤᠨ ᠨᠢᠭᠡ ᠴᠣᠭᠴᠠᠵᠢᠭᠤᠯᠵᠤ᠂ ᠡᠯ᠎ᠡ ᠲᠥᠷᠥᠯ ᠤᠨ ᠭᠤᠣᠯ ᠰᠡᠳᠦᠪᠲᠦ ᠠᠵᠢᠯᠯᠠᠭ᠎ᠠ ᠶᠢ

ᠪᠠᠶᠢᠩᠭᠤᠵᠢᠭᠤᠯᠤᠨ ᠥᠷᠨᠢᠭᠦᠯᠵᠦ᠂ ︽ᠬᠠᠷᠢᠯᠴᠠᠨ ᠰᠢᠭᠢᠳᠭᠡᠭᠰᠡᠨ ᠮᠠᠶ᠋ᠢᠭ︾ ᠤᠨ ᠨᠡᠶᠢᠭᠡᠮ ᠲᠣᠭᠤᠷᠢᠭ ᠢ ᠬᠦᠴᠦᠯᠡᠨ

ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠬᠠᠮᠲᠤᠪᠠᠷ ᠰᠠᠭᠤᠵᠤ ᠬᠠᠮᠲᠤᠪᠠᠷ ᠰᠤᠷᠤᠯᠴᠠᠬᠤ᠂

ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠬᠠᠮᠲᠤᠪᠠᠷ ᠠᠵᠢᠯᠯᠠᠵᠤ ᠬᠠᠮᠲᠤᠪᠠᠷ ᠴᠡᠩᠭᠡᠯᠳᠦᠬᠦ ᠰᠠᠶᠢᠨ ᠰᠠᠶᠢᠬᠠᠨ

ᠠᠭᠤᠷ ᠠᠮᠢᠰᠬᠤᠯ ᠢ ᠪᠣᠶ ᠪᠤᠯᠭᠠᠬᠤ ᠬᠡᠷᠡᠭᠳᠡᠢ᠃ ᠦᠨᠳᠦᠰᠦᠨ ᠱᠠᠲᠤᠨ ᠤ ᠠᠵᠢᠯ ᠤᠨ ︽ᠪᠠᠶᠢᠭᠤᠯᠭᠠᠴᠢᠯᠠᠬᠤ︾

ᠬᠡᠯᠪᠡᠷᠢᠯ ᠢ ᠬᠦᠴᠦᠯᠡᠨ ᠵᠠᠯᠠᠷᠠᠭᠤᠯᠵᠤ᠂ ᠨᠡᠶᠢᠭᠡᠮ ᠲᠣᠭᠤᠷᠢᠭ ᠤᠨ ᠺᠠᠳ᠋ᠷᠴᠤᠳ ᠢ ᠬᠡᠷᠡᠭ ᠦᠭᠡᠢ ᠶᠠᠪᠤᠳᠠᠯ ᠠᠴᠠ

ᠠᠩᠭᠢᠵᠢᠷᠠᠭᠤᠯᠵᠤ᠂ ᠨᠡᠩ ᠤᠯᠠᠨ ᠴᠠᠭ ᠪᠠ ᠤᠶᠤᠨ ᠴᠢᠳᠠᠯ ᠢᠶᠠᠨ ᠭᠠᠷᠭᠠᠵᠤ᠂ ᠤᠯᠠᠨ ᠲᠦᠮᠡᠨ ᠤ ᠳᠤᠮᠳᠠ

ᠭᠦᠨᠵᠡᠭᠡᠶᠢᠷᠡᠨ᠂ ᠪᠠᠶᠢᠳᠠᠯ ᠢ ᠨᠢ ᠣᠶᠢᠯᠠᠭᠠᠵᠤ᠂ ᠠᠰᠠᠭᠤᠳᠠᠯ ᠢ ᠨᠢ ᠰᠢᠢᠳᠪᠦᠷᠢᠯᠡᠵᠦ᠂ ᠠᠵᠢᠯ ᠢᠶᠠᠨ ᠠᠷᠠᠳ ᠤᠯᠠᠨ ᠤ

ᠰᠡᠳᠬᠢᠯ ᠳᠤ ᠦᠨᠡᠨᠬᠦ ᠬᠠᠳᠠᠩᠰᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠠᠶᠢᠨ ᠰᠠᠶᠢᠬᠠᠨ

ᠠᠮᠢᠳᠤᠷᠠᠯ ᠤᠨ ᠲᠤᠬᠠᠢ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ ᠭᠡᠵᠡᠢ᠃

     ᠦᠬᠠᠢ ᠶᠢᠨ ᠵᠠᠯᠠᠭᠤᠴᠤᠳ ᠪᠠᠭᠠᠴᠤᠳ ᠤᠨ ᠪᠦᠲᠦᠭᠡᠯᠴᠢ ᠲᠥᠰᠥᠪᠯᠡᠯ ᠤᠨ ᠬᠦᠷᠢᠶᠡᠯᠡᠩ ᠪᠣᠯᠣᠨ

ᠬᠠᠶᠢᠷᠤᠪ ᠤᠨ ᠲᠣᠬᠤᠢ ᠲᠣᠭᠤᠷᠢᠭ ᠤᠨ ᠠᠷᠪᠠᠨ ᠲᠠᠪᠤᠳᠤᠭᠠᠷ ᠬᠡᠦᠬᠡᠳ ᠤᠨ ᠴᠡᠴᠡᠷᠯᠢᠭ ᠲᠤ᠂ ᠲᠠᠩ ᠢ

ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ

ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯᠣᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ

ᠦᠵᠡᠭᠦᠯᠬᠦ ᠶᠢ ᠡᠭᠦᠳᠦᠨ ᠪᠠᠶᠢᠭᠤᠯᠤᠭᠰᠠᠨ ᠠᠵᠢᠯ ᠤᠨ ᠪᠠᠶᠢᠳᠠᠯ ᠢ ᠨᠢ ᠲᠤᠰ ᠲᠤᠰ ᠪᠠᠶᠢᠴᠠᠭᠠᠨ ᠦᠵᠡᠪᠡ᠃ ᠲᠡᠷᠡ

ᠬᠡᠯᠡᠭᠰᠡᠨ ᠨᠢ᠂ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠨᠡᠶᠢᠳᠬᠡᠵᠦ᠂ ᠪᠠᠶᠠᠷ ᠤᠨ ᠡᠳᠦᠷ ᠤᠨ

ᠵᠠᠩᠭᠢᠯᠠᠭ᠎ᠠ ᠶᠢᠨ ᠴᠢᠭ ᠢ ᠭᠦᠢᠴᠡᠳ ᠠᠰᠢᠭᠯᠠᠵᠤ᠂ ᠡᠯᠪᠡᠭ ᠪᠠᠶᠠᠯᠢᠭ ᠤᠯᠠᠨ ᠡᠰᠢᠲᠦ ᠰᠤᠷᠭᠠᠨ ᠬᠥᠮᠦᠵᠢᠯ ᠤᠨ

ᠦᠵᠡᠭᠳᠡᠯ ᠢ ᠪᠤᠢ ᠪᠣᠯᠭᠠᠵᠤ᠂ ᠢᠯᠡ ᠲᠥᠷᠥᠭᠳᠡᠯ ᠲᠠᠢ ᠦᠷ᠎ᠡ ᠠᠰᠢᠭ ᠲᠠᠢ ᠪᠠᠶᠢᠬᠤ ᠶᠢ ᠳᠤᠪᠤᠶᠢᠯᠭᠠᠵᠤ᠂ ᠡᠯ᠎ᠡ

ᠵᠦᠢᠯ ᠤᠨ ᠠᠵᠢᠯ ᠢᠶᠠᠨ ᠴᠢᠮᠡᠭᠡ ᠢᠮᠡᠭᠡ ᠦᠭᠡᠢ ᠪᠠᠷ ᠰᠠᠶᠢᠲᠤᠷ ᠬᠢᠵᠦ᠂ ᠡᠯ᠎ᠡ ᠦᠨᠳᠦᠰᠦᠲᠡᠨ ᠤ ᠵᠠᠯᠠᠭᠤᠴᠤᠳ

ᠪᠠᠭᠠᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠠᠷᠠᠬᠠᠨ ᠪᠠᠭ᠎ᠠ ᠠᠴᠠ

 ᠨᠢ ᠪᠠᠲᠤ ᠴᠤᠭᠴᠠᠯᠠᠵᠤ᠂ ᠤᠬᠠᠮᠰᠠᠷ ᠠᠴᠠ ᠪᠠᠨ ᠦᠨᠳᠦᠰᠦᠲᠡᠨ ᠤ ᠪᠦᠯᠬᠦᠮᠳᠡᠯ ᠤᠨ ᠠᠬᠢᠭᠤᠯᠤᠭᠴᠢ᠂ ᠬᠠᠮᠠᠭᠠᠯᠠᠭᠴᠢ᠂

ᠪᠠᠲᠤᠯᠠᠭᠴᠢ ᠪᠣᠯᠬᠤ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠡᠢ᠃

     ᠲᠠᠩ ᠢ ᠪᠠᠰᠠ ᠬᠠᠶᠢᠷᠤᠪ ᠤᠨ ᠲᠣᠬᠤᠢ ᠲᠣᠭᠤᠷᠢᠭ ᠤᠨ ᠾᠷᠢᠰᠲ᠋ᠣᠰ ᠤᠨ ᠱᠠᠰᠢᠨ ᠤ ᠬᠤᠶᠢᠲᠤ ᠲᠠᠩᠬᠢᠮ ᠳᠤ

ᠬᠦᠷᠴᠦ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠶᠢ ᠡᠭᠦᠳᠦᠨ ᠪᠠᠶᠢᠭᠤᠯᠬᠤ ᠠᠵᠢᠯ ᠤᠨ

ᠪᠠᠶᠢᠳᠠᠯ ᠢ ᠨᠢ ᠣᠶᠢᠯᠠᠭᠠᠪᠠ᠃ ᠲᠡᠷᠡ ᠬᠡᠯᠡᠭᠰᠡᠨ ᠨᠢ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ

ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠤᠯᠤᠰ ᠢᠶᠠᠨ ᠬᠠᠶᠢᠷᠠᠯᠠᠵᠤ ᠱᠠᠰᠢᠨ ᠢᠶᠠᠨ ᠬᠠᠶᠢᠷᠠᠯᠠᠬᠤ ᠢᠷᠠᠭᠤ ᠠᠯᠳᠠᠷᠲᠤ

ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠥᠪᠡᠷ ᠢ ᠪᠠᠨ ᠬᠥᠮᠥᠵᠢᠭᠦᠯᠬᠦ᠂ ᠥᠪᠡᠷ ᠢ ᠪᠠᠨ ᠬᠠᠮᠢᠶᠠᠷᠬᠤ᠂

ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠵᠤ᠂ ᠪᠦᠬᠦ ᠲᠠᠯ᠎ᠠ ᠪᠠᠷ ᠱᠠᠰᠢᠨ ᠢ ᠴᠢᠩᠭ᠎ᠠ ᠵᠠᠰᠠᠵᠤ᠂ ᠲᠦᠷᠦᠭᠦᠯᠡᠨ

ᠬᠠᠤᠯᠢ ᠶᠢ ᠰᠠᠬᠢᠵᠤ ᠳᠦᠷᠢᠮ ᠢ ᠵᠢᠷᠤᠮᠯᠠᠵᠤ᠂ ᠱᠠᠰᠢᠨ ᠰᠤᠷᠲᠠᠬᠤᠨ ᠤ ᠪᠢᠰᠢᠯᠭᠠᠯ ᠢᠶᠠᠨ ᠳᠡᠭᠡᠭᠰᠢᠯᠡᠭᠦᠯᠵᠦ᠂

ᠦᠨᠳᠦᠰᠦᠲᠡᠨ ᠨᠦᠭᠦᠳ ᠤᠨ ᠱᠠᠰᠢᠨ ᠰᠢᠲᠦᠳᠡᠭ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ

ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠤ ᠡᠶ᠎ᠡ ᠨᠠᠶᠢᠷᠠᠮᠳᠠᠭᠤ᠂ ᠨᠡᠶᠢᠭᠡᠮ ᠤᠨ ᠲᠣᠭᠲᠠᠭᠤᠨ ᠢ

ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号