ᠬᠥᠳᠡᠯᠮᠤᠷᠢ ᠶᠢᠨ ᠭᠡᠷ᠎ᠡ ᠨᠢ ᠶᠠᠮᠠᠷ ᠠᠭᠤᠯᠭ᠎ᠠ ᠶᠢ ᠪᠠᠭᠲᠠᠭᠠᠪᠠᠯ ᠵᠤᠬᠢᠬᠤ ᠪᠤᠢ︖
ᠨᠡᠶᠢᠲᠡᠯᠡᠭᠰᠡᠨ ᠴᠠᠭ᠄
2024/4/15
     ︽ᠬᠥᠳᠡᠯᠮᠤᠷᠢ ᠶᠢᠨ ᠭᠡᠷ᠎ᠡ ᠶᠢᠨ ᠬᠠᠤᠯᠢ︾ ᠶᠢᠨ ᠠᠷᠪᠠᠨ ᠲᠤᠯᠤᠳᠤᠭᠠᠷ ᠵᠤᠷᠪᠤᠰ ᠲᠤ ᠲᠤᠭᠲᠠᠭᠠᠭᠰᠠᠨ ᠬᠥᠳᠡᠯᠮᠤᠷᠢ ᠶᠢᠨ ᠭᠡᠷ᠎ᠡ ᠳᠤ ᠡᠷᠬᠡᠪᠰᠢ ᠪᠠᠶᠢᠬᠤ ᠴᠢᠬᠤᠯᠠᠲᠠᠢ ᠵᠤᠷᠪᠤᠰ ᠤᠳ᠄      ᠨᠢᠭᠡ᠂ ᠬᠥᠮᠤᠨ ᠬᠡᠷᠡᠭᠯᠡᠬᠦ ᠨᠢᠭᠡᠴᠡ ᠶᠢᠨ ᠨᠡᠷᠡᠶᠢᠳᠤᠯ᠂ ᠰᠠᠭᠤᠭ᠎ᠠ ᠭᠠᠵᠠᠷ᠂ ᠬᠠᠤᠯᠢ ᠶᠢᠨ ᠡᠷᠬᠡᠲᠡᠨ ᠪᠤᠶᠤ ᠭᠤᠤᠯ ᠬᠠᠷᠢᠭᠤᠴᠠᠯᠭᠠᠲᠠᠨ᠃      ᠬᠤᠶᠠᠷ᠂ ᠬᠥᠳᠡᠯᠮᠤᠷᠢᠴᠢᠨ ᠤ ᠨᠡᠷ᠎ᠡ᠂ ᠰᠠᠭᠤᠭ᠎ᠠ ᠭᠠᠵᠠᠷ ᠪᠠ ᠪᠡᠶ᠎ᠡ ᠶᠢᠨ ᠥᠨᠡᠮᠯᠡᠯ ᠪᠤᠶᠤ ᠪᠤᠰᠤᠳ ᠬᠥᠴᠤᠨ ᠪᠥᠬᠦᠢ ᠭᠡᠷᠡᠴᠢ ᠲᠡᠮᠳᠡᠭ᠃      ᠭᠤᠷᠪᠠ᠂ ᠬᠥᠳᠡᠯᠮᠤᠷᠢ ᠶᠢᠨ ᠭᠡᠷ᠎ᠡ ᠶᠢᠨ ᠬᠤᠭᠤᠴᠠᠭ᠎ᠠ᠃      ᠲᠥᠷᠪᠡ᠂ ᠠᠵᠢᠯ ᠤᠨ ᠠᠭᠤᠯᠭ᠎ᠠ ᠪᠠ ᠠᠵᠢᠯᠯᠠᠬᠤ ᠭᠠᠵᠠᠷ᠃      ᠲᠠᠪᠤ᠂ ᠠᠵᠢᠯᠯᠠᠵᠤ ᠠᠮᠠᠷᠠᠬᠤ ᠴᠠᠭ ᠵᠢᠴᠢ ᠠᠮᠠᠷᠠᠯᠲᠠ ᠠᠪᠬᠤ ᠴᠠᠭ ᠬᠤᠭᠤᠴᠠᠭ᠎ᠠ᠃      ᠵᠢᠷᠭᠤᠭ᠎ᠠ᠂ ᠬᠥᠳᠡᠯᠮᠤᠷᠢ ᠶᠢᠨ ᠤᠯᠭᠤᠮᠵᠢ᠃      ᠲᠤᠯᠤᠭ᠎ᠠ᠂ ᠨᠡᠶᠢᠭᠡᠮ ᠤᠨ ᠲᠠᠭᠠᠳᠬᠠᠯ᠃      ᠨᠠᠢᠮᠠ᠂ ᠬᠥᠳᠡᠯᠮᠤᠷᠢ ᠶᠢᠨ ᠬᠠᠮᠠᠭᠠᠯᠠᠯᠲᠠ᠂ ᠬᠥᠳᠡᠯᠮᠤᠷᠢ ᠶᠢᠨ ᠨᠥᠭᠦᠴᠡᠯ ᠪᠠ ᠲᠤᠬᠠᠶᠢᠯᠠᠭᠰᠠᠨ ᠠᠵᠢᠯ ᠤᠨ ᠠᠶᠤᠯ ᠲᠥᠭᠰᠢᠭᠦᠷᠢ ᠵᠢᠴᠢ ᠬᠠᠮᠠᠭᠠᠯᠠᠯᠲᠠ᠃      ᠶᠢᠰᠤ᠂ ᠬᠠᠤᠯᠢ ᠲᠥᠷᠢᠮ ᠳᠤ ᠵᠢᠭᠠᠭᠰᠠᠨ ᠬᠥᠳᠡᠯᠮᠤᠷᠢ ᠶᠢᠨ ᠭᠡᠷ᠎ᠡ ᠳᠤ ᠲᠤᠭᠲᠠᠭᠠᠨ ᠪᠢᠴᠢᠬᠦ ᠪᠤᠰᠤᠳ ᠤᠴᠢᠷ᠃ ᠡᠳᠡᠭᠡᠷ ᠠᠴᠠ ᠭᠠᠳᠠᠨ᠎ᠠ ᠬᠥᠮᠤᠨ ᠬᠡᠷᠡᠭᠯᠡᠬᠦ ᠨᠢᠭᠡᠴᠡ ᠪᠠ ᠬᠥᠳᠡᠯᠮᠤᠷᠢᠴᠢᠨ ᠤ ᠬᠤᠭᠤᠷᠤᠨᠳᠤ ᠪᠠᠰᠠ ᠲᠤᠷᠰᠢᠨ ᠬᠡᠷᠡᠭᠯᠡᠬᠦ ᠬᠤᠭᠤᠴᠠᠭ᠎ᠠ᠂ ᠪᠤᠯᠪᠠᠰᠤᠷᠠᠯ ᠲᠠᠳᠤᠯᠭ᠎ᠠ᠂ ᠨᠢᠭᠤᠴᠠ ᠬᠠᠮᠠᠭᠠᠯᠠᠯᠲᠠ᠂ ᠲᠠᠭᠠᠳᠬᠠᠯ ᠪᠠ ᠠᠰᠠᠷᠠᠮᠵᠢ ᠬᠠᠷᠠᠭᠠᠯᠵᠠᠯ ᠵᠡᠷᠭᠡ ᠪᠤᠰᠤᠳ ᠤᠴᠢᠷ ᠢ ᠪᠤᠯᠵᠤᠨ ᠲᠤᠭᠲᠠᠵᠤ ᠪᠤᠯᠤᠨ᠎ᠠ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号