ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/16
     4 ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠤᠳᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠠᠯᠠᠱᠠ ᠠᠶᠢᠮᠠᠭ ᠯᠤᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠠᠪᠤᠳᠠᠯ ᠢ ᠰᠤᠳᠤᠯᠪᠠ᠃ ᠬᠤᠲᠠ ᠶᠢᠨ ᠤᠳᠤᠷᠢᠳᠤᠯᠭ᠎ᠠ ᠭᠧᠩ ᠬᠠᠢ ᠵᠢᠶᠦ᠋ᠨ᠂ ᠭᠦᠸᠧ ᠢ ᠵᠢᠶᠧ᠂ ᠸᠠᠩ ᠵᠢᠢ ᠫᠢᠩ᠂ ᠵᠠᠩ ᠮᠢᠩ ᠮᠢᠩ᠂ ᠭᠤᠸ ᠪᠥᠸᠧ᠂ ᠵᠠᠩ ᠸᠧᠢ ᠵᠢᠴᠢ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠬᠤᠷᠠᠯ ᠳᠤ ᠣᠷᠣᠯᠴᠠᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠠᠯᠠᠱᠠ ᠠᠶᠢᠮᠠᠭ ᠯᠤᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠨᠢ ᠬᠤᠶᠠᠷ ᠭᠠᠵᠠᠷ ᠤᠨ ᠠᠵᠤ ᠦᠢᠯᠡᠰ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠬᠤ᠂ ᠡᠬᠢ ᠪᠠᠶᠠᠯᠢᠭ ᠤᠨ ᠡᠯᠧᠮᠧᠨ᠋ᠲ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠰᠢᠨ᠎ᠡ ᠠᠵᠤ ᠠᠬᠤᠢ ᠶᠢᠨ ᠨᠡᠮᠡᠭᠳᠡᠯ ᠤᠨ ᠲᠤᠶᠢᠯ ᠢ ᠪᠤᠢ ᠪᠣᠯᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠠᠯᠠᠱᠠ ᠠᠶᠢᠮᠠᠭ ᠯᠤᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠪᠣᠯᠣᠨ ᠬᠠᠮᠲᠤᠷᠠᠯᠴᠠᠭᠠᠨ ᠤ ᠵᠦᠢᠯᠡᠰ ᠤᠨ ᠨᠠᠷᠢᠨ ᠲᠠᠩᠰᠠ ᠪᠠᠨ ᠴᠢᠨᠠᠭᠰᠢᠳᠠ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠣᠯᠣᠯᠴᠠᠭ᠎ᠠ ᠪᠠᠨ ᠴᠢᠩᠭᠠᠳᠬᠠᠵᠤ᠂ ᠤᠨᠢᠨ ᠳᠡᠭᠡᠷ᠎ᠡ ᠨᠢ ᠵᠣᠯᠭᠠᠭᠤᠯᠵᠤ᠂ ᠬᠤᠶᠠᠷ ᠭᠠᠵᠠᠷ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠳᠤ ᠲᠤᠭᠳᠠᠭᠤᠨ ᠡᠬᠢᠯᠡᠯᠲᠡ ᠲᠠᠢ᠂ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠢ᠃ ᠰᠠᠭᠤᠷᠢ ᠲᠥᠬᠦᠭᠡᠷᠦᠮᠵᠢ᠂ ᠠᠵᠤ ᠦᠢᠯᠡᠰ ᠤᠨ ᠬᠠᠮᠵᠢᠯᠴᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠣᠶᠣᠯ ᠵᠢᠭᠤᠯᠴᠢᠯᠠᠯ᠂ ᠤᠯᠠᠨ ᠨᠡᠶᠢᠲᠡ ᠶᠢᠨ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠬᠦᠷᠢᠶ᠎ᠡ ᠪᠠᠷ ᠭᠤᠣᠯᠳᠠᠭᠤᠯᠵᠤ᠂ ᠭᠤᠣᠯᠳᠠᠯᠭ᠎ᠠ ᠶᠢ ᠠᠳᠬᠤᠵᠤ᠂ ᠲᠤᠰᠤᠯᠲᠠ ᠶᠢᠨ ᠴᠢᠭ ᠢᠶᠠᠨ ᠣᠨᠣᠪᠴᠢᠲᠠᠢ ᠣᠯᠵᠤ᠂ ᠲᠦᠭᠵᠢᠷᠡᠯ ᠤᠨ ᠴᠢᠭ ᠢ ᠨᠠᠪᠲᠠᠷᠡᠭᠦᠯᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠶᠢᠨ ᠨᠡᠩ ᠨᠢᠭᠲᠠᠷᠠᠵᠤ᠂ ᠨᠡᠩ ᠭᠦᠨᠵᠡᠭᠡᠶᠢᠷᠡᠬᠦ ᠶᠢ ᠠᠬᠢᠭᠤᠯᠬᠤ ᠬᠡᠷᠡᠭᠲᠡᠢ᠃ ︽ᠶᠡᠭᠡ ᠪᠠᠷ ᠲᠥᠯᠥᠪᠵᠢᠭᠦᠯᠵᠦ᠂ ᠪᠠᠭ᠎ᠠ ᠪᠠᠭ᠎ᠠ ᠪᠠᠷ ᠰᠢᠢᠳᠪᠦᠷᠢᠯᠡᠬᠦ︾ ᠶᠢ ᠪᠠᠷᠢᠮᠲᠠᠯᠠᠵᠤ᠂ ᠬᠠᠮᠲᠤᠷᠠᠯᠴᠠᠭᠠᠨ ᠤ ᠵᠦᠢᠯᠡᠰ ᠤᠨ ᠪᠣᠯᠣᠮᠵᠢᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠦᠬᠦ ᠲᠠᠯ᠎ᠠ ᠪᠠᠷ ᠡᠮᠬᠢᠯᠡᠵᠦ᠂ ᠭᠦᠢᠴᠡᠳ ᠨᠤᠲᠠᠯᠠᠵᠤ᠂ ᠬᠠᠮᠲᠤᠷᠠᠯᠴᠠᠭᠠᠨ ᠤ ᠲᠦᠷᠦᠯ ᠵᠦᠢᠯ ᠤᠨ ᠲᠦᠷᠭᠡᠨ ᠨᠠᠶᠢᠳᠠᠪᠤᠷᠢᠵᠢᠭᠤᠯᠤᠭᠳᠠᠬᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ︽ᠠᠳᠠᠯᠢ ᠲᠠᠯ᠎ᠠ ᠪᠠᠨ ᠨᠢᠭᠡᠳᠬᠡᠵᠦ ᠵᠥᠷᠢᠶ᠎ᠡ ᠲᠠᠢ ᠲᠠᠯ᠎ᠠ ᠪᠠᠨ ᠦᠯᠡᠳᠡᠭᠡᠬᠦ︾ ᠶᠢ ᠪᠠᠷᠢᠮᠲᠠᠯᠠᠵᠤ᠂ ᠡᠬᠢ ᠪᠠᠶᠠᠯᠢᠭ᠂ ᠡᠨᠧᠷᠭᠢ ᠵᠡᠷᠭᠡ ᠬᠦᠷᠢᠶᠡᠨ ᠤ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠪᠠᠨ ᠴᠢᠩᠭᠠᠳᠬᠠᠵᠤ᠂ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠠᠰᠢᠭ ᠲᠤᠰᠠ ᠳᠤ ᠨᠡᠶᠢᠴᠡᠬᠦ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠴᠢᠷᠮᠠᠶᠢᠨ ᠣᠯᠵᠤ᠂ ᠬᠤᠣᠰ ᠴᠢᠭᠯᠡᠯ ᠢᠶᠠᠷ ᠤᠷᠤᠭᠰᠢᠯᠠᠬᠤ᠂ ᠬᠠᠷᠢᠯᠴᠠᠨ ᠬᠠᠷᠠᠭᠠᠯᠵᠠᠵᠤ ᠬᠠᠮᠲᠤᠪᠠᠷ ᠠᠰᠢᠭ ᠬᠦᠷᠳᠡᠬᠦ ᠳᠤᠮᠳᠠ ᠬᠤᠶᠠᠷ ᠭᠠᠵᠠᠷ ᠤᠨ ᠨᠡᠩ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠡᠳᠦᠷ ᠳᠤᠳᠤᠮ ᠤᠨ ᠲᠣᠬᠢᠷᠠᠭᠤᠯᠭ᠎ᠠ᠂ ᠠᠭᠤᠯᠵᠠᠯᠲᠠ᠂ ᠵᠥᠪᠳᠡᠯᠴᠡᠭᠡ ᠵᠡᠷᠭᠡ ᠠᠵᠢᠯ ᠤᠨ ᠲᠣᠭᠲᠠᠴᠠ ᠪᠠᠶᠢᠭᠤᠯᠵᠤ᠂ ᠬᠠᠮᠲᠤᠷᠠᠯᠴᠠᠭ᠎ᠠ ᠶᠢ ᠵᠣᠯᠭᠠᠭᠤᠯᠬᠤ ᠶᠢ ᠪᠠᠶᠢᠩᠭᠤᠵᠢᠭᠤᠯᠤᠨ ᠥᠷᠨᠢᠭᠦᠯᠵᠦ᠂ ᠬᠠᠮᠲᠤᠷᠠᠯᠴᠠᠭᠠᠨ ᠤ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠤᠷᠳᠤ ᠬᠤᠭᠤᠴᠠᠭ᠎ᠠ ᠪᠠᠷ ᠬᠠᠷᠰᠢᠯᠠᠵᠤ ᠪᠠᠶᠢᠭᠰᠠᠨ ᠪᠣᠭᠤᠮᠢ ᠶᠢᠨ ᠠᠰᠠᠭᠤᠳᠠᠯ ᠢ ᠬᠠᠮᠲᠤᠪᠠᠷ ᠰᠢᠢᠳᠪᠦᠷᠢᠯᠡᠵᠦ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠤᠨ ᠲᠠᠬᠢᠨ ᠰᠢᠨ᠎ᠡ ᠳᠡᠭᠲᠡᠷ ᠲᠤ ᠭᠠᠷᠭᠠᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号