ᠲᠠᠩ ᠢ ᠬᠤᠳᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠣᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/16
     4 ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠲᠠᠩ ᠢ ᠬᠤᠳᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠣᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠥᠬᠦ ᠬᠤᠲᠠ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ᠂ ᠮᠠᠨ ᠤ ᠬᠤᠲᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠬᠤᠯᠪᠤᠭᠳᠠᠯ ᠪᠦᠬᠦᠢ ᠠᠵᠢᠯ  ᠢᠶᠠᠨ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠬᠤᠲᠠ  ᠶᠢᠨ ᠨᠠᠮ ᠤᠨ ᠬᠤᠷᠢᠶ᠎ᠠ᠂ ᠬᠤᠲᠠ   ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃      ᠲᠠᠩ ᠢ ᠬᠡᠯᠡᠭᠰᠡᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠮᠥᠨ᠂ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠬᠤ ᠶᠢ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢ ᠰᠤᠷᠤᠯᠴᠠᠨ ᠲᠤᠤᠱᠯᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠡᠯ᠎ᠡ ᠵᠦᠢᠯ ᠤᠨ ᠠᠵᠢᠯ ᠢᠶᠠᠨ ᠪᠣᠳᠠᠲᠠᠢ ᠪᠥᠭᠡᠳ ᠨᠠᠷᠢᠯᠢᠭ ᠬᠢᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠰᠠᠬᠢᠯᠭ᠎ᠠ ᠪᠠᠲᠤ ᠶᠢ ᠰᠠᠬᠢᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢ ᠨᠢ ᠦᠷᠭᠦᠯᠵᠢᠯᠡᠨ ᠴᠢᠩᠭᠠᠳᠬᠠᠵᠤ᠂ ︽ᠬᠤᠶᠠᠷ ᠢ ᠲᠣᠭᠲᠠᠭᠠᠬᠤ︾ ᠶᠢ ᠨᠡᠩ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠡᠯ᠎ᠡ ᠵᠦᠢᠯ ᠤᠨ ᠠᠵᠢᠯ ᠦᠢᠯᠡᠰ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃      ᠲᠠᠩ ᠢ ᠬᠡᠯᠡᠭᠰᠡᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠪᠠᠲᠤ ᠡᠵᠡᠮᠳᠡᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠰᠤᠷᠤᠯᠴᠠᠬᠤ ᠶᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠤᠨ ᠲᠡᠷᠡ ᠬᠡᠪ ᠢᠶᠠᠷ ᠨᠢ ᠰᠤᠷᠤᠯᠴᠠᠭᠤᠯᠵᠤ᠂ ᠭᠦᠨᠵᠡᠭᠡᠢ ᠰᠢᠰᠲ᠋ᠧᠮ ᠲᠠᠢ ᠰᠤᠷᠤᠯᠴᠠᠭᠤᠯᠵᠤ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠨᠢ ᠶᠠᠭᠤ ᠪᠣᠯᠬᠤ ᠶᠢ ᠲᠣᠳᠣᠷᠬᠠᠢ ᠣᠶᠢᠯᠠᠭᠠᠵᠤ᠂ ᠶᠠᠭᠤ ᠬᠢᠵᠦ ᠪᠣᠯᠬᠤ᠂ ᠶᠠᠭᠤ ᠬᠢᠵᠦ ᠦᠯᠦ ᠪᠣᠯᠬᠤ ᠶᠢ ᠣᠶᠢᠯᠠᠭᠠᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠰᠤᠷᠤᠯᠴᠠᠵᠤ᠂ ᠤᠶᠤᠨ ᠲᠠᠷᠢᠬᠢᠨ ᠳᠤᠨᠢ ᠬᠠᠳᠠᠩᠰᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠰᠡᠷᠡᠮᠵᠢᠯᠡᠭᠦᠯᠬᠦ ᠬᠥᠮᠦᠵᠢᠯ ᠢ ᠴᠢᠩᠭ᠎ᠠ ᠪᠥᠭᠡᠳ ᠪᠣᠳᠠᠲᠠᠢ ᠪᠠᠷ ᠥᠷᠨᠢᠭᠦᠯᠵᠦ᠂ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ ᠵᠥᠷᠢᠴᠡᠭᠰᠡᠨ ᠺᠠᠳ᠋ᠷᠴᠤᠳ ᠤᠨ ᠰᠡᠷᠡᠮᠵᠢᠯᠡᠭᠦᠯᠬᠦ ᠲᠡᠮᠳᠡᠭᠯᠡᠯ᠂ ᠭᠡᠮᠰᠢᠯ ᠤᠨ ᠲᠡᠮᠳᠡᠭᠯᠡᠯ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠵᠢᠴᠢ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ ᠵᠡᠷᠭᠡ ᠡᠬᠢ ᠪᠠᠶᠠᠯᠢᠭ ᠢ ᠭᠦᠢᠴᠡᠳ ᠬᠡᠷᠡᠭᠯᠡᠨ᠂ ᠬᠡᠷᠡᠭ ᠢᠶᠠᠷ ᠶᠣᠰᠣ ᠮᠣᠷᠠᠯ ᠢ ᠶᠠᠷᠢᠬᠤ᠂ ᠬᠡᠷᠡᠭ ᠢᠶᠠᠷ ᠰᠠᠬᠢᠯᠭ᠎ᠠ ᠪᠠᠲᠤ ᠶᠢ ᠶᠠᠷᠢᠬᠤ᠂ ᠬᠡᠷᠡᠭ ᠢᠶᠠᠷ ᠬᠠᠤᠯᠢ ᠴᠠᠭᠠᠵᠠ ᠶᠢ ᠶᠠᠷᠢᠬᠤ᠂ ᠬᠡᠷᠡᠭ ᠢᠶᠠᠷ ᠬᠠᠷᠢᠭᠤᠴᠠᠯᠭ᠎ᠠ ᠶᠢ ᠶᠠᠷᠢᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠡᠷᠡᠮᠵᠢᠯᠡᠭᠦᠯᠦᠨ ᠰᠦᠷᠳᠡᠭᠦᠯᠬᠦ ᠪᠠᠨ ᠴᠢᠩᠭᠠᠳᠬᠠᠵᠤ᠂ ᠨᠡᠩ ᠤᠯᠠᠨ ᠺᠠᠳ᠋ᠷᠴᠤᠳ ᠢ ᠨᠢᠭᠤᠷ ᠤᠯᠠᠶᠢᠯᠭᠠᠨ ᠬᠥᠯᠥᠰᠦ ᠭᠠᠷᠭᠠᠬᠤ᠂ ᠠᠯᠳᠠᠭ᠎ᠠ ᠪᠤᠷᠤᠭᠤ ᠪᠠᠨ ᠮᠡᠳᠡᠷᠡᠵᠦ ᠲᠠᠷᠤᠢ ᠵᠠᠯᠠᠷᠠᠭᠤᠯᠬᠤ ᠶᠢ ᠨᠢ ᠮᠡᠳᠡᠷᠡᠬᠦᠯᠵᠦ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ︽ᠳᠦᠷᠢᠮ︾ ᠢ ᠲᠠᠶᠢᠯᠪᠤᠷᠢᠯᠠᠬᠤ ᠪᠠ ᠪᠣᠯᠪᠠᠰᠤᠷᠠᠭᠤᠯᠬᠤ ᠠᠵᠢᠯ ᠢᠶᠠᠨ ᠴᠢᠩᠭᠠᠳᠬᠠᠵᠤ᠂ ᠲᠦᠷᠦᠯ ᠬᠤᠪᠢᠶᠠᠨ ᠵᠢᠯᠤᠭᠤᠳᠬᠤ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠨᠠᠮ ᠤᠨ ᠰᠤᠷᠭᠠᠭᠤᠯᠢ᠂ ᠨᠠᠮ ᠤᠨ ᠪᠠᠶᠢᠭᠤᠯᠤᠯᠲᠠ ᠶᠢᠨ ᠰᠤᠳᠤᠯᠭᠠᠨ ᠤ ᠬᠤᠷᠠᠯ ᠵᠡᠷᠭᠡ ᠵᠢᠭᠰᠠᠭᠠᠯ ᠤᠨ ᠭᠠᠵᠠᠷ ᠢ ᠰᠠᠶᠢᠲᠤᠷ ᠬᠡᠷᠡᠭᠯᠡᠵᠦ᠂ ᠤᠬᠠᠭᠤᠯᠤᠨ ᠲᠠᠶᠢᠯᠪᠤᠷᠢᠯᠠᠬᠤ ᠪᠠᠨ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠬᠦ ᠲᠠᠢ ᠤᠶᠠᠯᠳᠤᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠯᠦᠭᠡ ᠲᠤᠤᠱᠯᠠᠭᠤᠯᠵᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠪᠠᠷ ᠨᠠᠮ ᠤᠨ ᠭᠡᠰᠢᠭᠦᠨ ᠺᠠᠳ᠋ᠷᠴᠤᠳ ᠤᠨ ᠡᠷᠬᠡ ᠪᠠᠨ ᠵᠢᠷᠤᠮᠵᠢᠯ ᠲᠠᠢ ᠬᠡᠷᠡᠭᠯᠡᠬᠦ᠂ ᠲᠤᠰᠢᠶᠠᠯ ᠢᠶᠠᠨ ᠵᠥᠪ ᠭᠦᠢᠴᠡᠳᠬᠡᠬᠦ ᠶᠢ ᠱᠠᠯᠠᠪᠳᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠨᠡᠩ ᠤᠯᠠᠨ ᠴᠠᠭ ᠪᠠ ᠤᠶᠤᠨ ᠴᠢᠳᠠᠯ ᠢᠶᠠᠨ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠳᠡᠭᠡᠷ᠎ᠡ ᠵᠠᠷᠤᠴᠠᠭᠤᠯᠵᠤ᠂ ᠤᠯᠠᠨ ᠲᠦᠮᠡᠨ ᠳᠤ ᠦᠨᠡᠨ ᠪᠣᠳᠠᠲᠠᠢ ᠬᠤᠪᠢᠷᠠᠯᠲᠠ ᠪᠠ ᠦᠷ᠎ᠡ ᠪᠦᠲᠦᠮᠵᠢ ᠶᠢ ᠦᠵᠡᠭᠦᠯᠬᠦ ᠬᠡᠷᠡᠭᠲᠡᠢ ᠭᠡᠵᠡᠢ᠃      ᠲᠠᠩ ᠢ ᠬᠡᠯᠡᠭᠰᠡᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠭᠤᠣᠯ ᠬᠠᠷᠢᠭᠤᠴᠠᠯᠭᠠᠲᠠᠨ ᠨᠥᠬᠦᠳ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠡᠭᠦᠷᠭᠡᠯᠡᠵᠦ᠂ ᠰᠠᠬᠢᠯᠭ᠎ᠠ ᠪᠠᠲᠤ ᠶᠢ ᠰᠣᠷᠣᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠶᠢᠯᠠᠬᠤ᠂ ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠰᠠᠶᠢᠨ ᠬᠡᠪ ᠳᠠᠭᠤᠷᠢᠶᠠᠯ ᠪᠣᠯᠵᠤ᠂ ᠳᠡᠭᠡᠷᠡᠬᠢ ᠨᠢ ᠬᠡᠷᠡᠭᠵᠢᠭᠦᠯᠵᠦ ᠳᠣᠣᠷᠠᠬᠢ ᠨᠢ ᠦᠢᠯᠡᠳᠦᠯᠴᠡᠬᠦ᠂ ᠪᠦᠬᠦᠯᠢ ᠴᠣᠭᠴᠠ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠰᠠᠶᠢᠨ ᠦᠢᠯᠡᠳᠦᠯ ᠢ ᠪᠤᠢ ᠪᠣᠯᠭᠠᠬᠤ ᠬᠡᠷᠡᠭᠲᠡᠢ᠃ ᠬᠤᠶᠠᠷ ᠲᠠᠯ᠎ᠠ ᠶᠢ ᠠᠳᠬᠤᠵᠤ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠡ ᠶᠢᠨ ᠭᠤᠣᠯᠳᠠᠯᠭ᠎ᠠ ᠲᠠᠢ ᠠᠵᠢᠯ ᠢᠶᠠᠨ ᠪᠡᠶᠡᠯᠡᠭᠦᠯᠬᠦ ᠲᠠᠢ ᠤᠶᠠᠯᠳᠤᠭᠤᠯᠵᠤ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠨ ᠢᠯᠡᠷᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号