ᠼᠦᠢ ᠵᠢᠩ ᠶᠢᠩ ᠪᠦᠯᠬᠦᠮ ᠳᠠᠭᠠᠭᠤᠯᠤᠨ ᠬᠠᠷᠠᠬᠤᠳᠠ ᠳᠤ ᠬᠦᠷᠴᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/4/16
 

 

     4 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ

ᠼᠦᠢ ᠵᠢᠩ ᠶᠢᠩ ᠪᠦᠯᠬᠦᠮ ᠳᠠᠭᠠᠭᠤᠯᠤᠨ ᠬᠠᠷᠠᠬᠤᠳᠠ ᠳᠤ ᠬᠦᠷᠴᠦ ᠬᠤᠲᠠ ᠶᠢᠨ ᠪᠦᠲᠦᠭᠡᠨ ᠪᠠᠶᠢᠭᠤᠯᠤᠯᠲᠠ ᠪᠠ

ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠤᠨ ᠲᠤᠬᠠᠢ ᠰᠢᠨᠵᠢᠯᠡᠨ

ᠪᠠᠶᠢᠴᠠᠭᠠᠵᠤ ᠰᠤᠷᠤᠯᠴᠠᠪᠠ᠃ ᠬᠤᠲᠠ ᠶᠢᠨ ᠳᠡᠳ᠋ ᠳᠠᠷᠤᠭ᠎ᠠ ᠵᠠᠩ ᠮᠢᠩ ᠮᠢᠩ᠂ ᠭᠤᠸ ᠪᠥᠸᠧ ᠬᠠᠮᠲᠤ ᠪᠠᠷ ᠰᠢᠨᠵᠢᠯᠡᠨ

ᠪᠠᠶᠢᠴᠠᠭᠠᠪᠠ᠃

     ᠼᠦᠢ ᠵᠢᠩ ᠶᠢᠩ ᠨᠠᠷ ᠤᠷᠢᠳ ᠬᠤᠵᠢᠳ ᠬᠠᠷᠠᠬᠤᠳᠠ ᠶᠢᠨ ᠭᠤᠷᠪᠠᠨ ᠣᠷᠳᠣᠨ ᠨᠢᠭᠡ ᠲᠥᠪ᠂ ᠾᠧ ᠯᠠᠨ

ᠱᠠᠨ ᠤ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠢᠨᠵᠧᠨᠧᠷᠢᠩ᠂ ᠨᠢᠩᠰᠢᠶᠠ ᠶᠢᠨ ᠸᠧᠢ ᠡᠯ ᠴᠢᠳᠬᠤᠠ

ᠪᠤᠯᠪᠠᠰᠣᠷᠠᠭᠤᠯᠬᠤ᠂ ᠪᠢᠨ ᠽᠧ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠭᠠᠵᠠᠷ ᠢᠶᠠᠷ ᠲᠣᠭᠤᠷᠢᠨ

ᠦᠵᠡᠵᠦ᠂ ᠬᠤᠷᠠᠬᠤᠳᠠ ᠶᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠠᠵᠤ ᠦᠢᠯᠡᠰ ᠤᠨ

ᠪᠦᠯᠦᠭᠵᠢᠯ ᠢ ᠪᠣᠶᠢᠵᠢᠭᠤᠯᠬᠤ᠂ ᠠᠭᠤᠷᠬᠠᠢ ᠶᠢᠨ ᠣᠷᠣᠨ ᠤ ᠠᠮᠢ ᠠᠬᠤᠢ ᠶᠢᠨ ᠵᠠᠰᠠᠯᠲᠠ ᠵᠡᠷᠭᠡ ᠲᠠᠯ᠎ᠠ ᠶᠢᠨ

ᠲᠤᠷᠰᠢᠯᠭ᠎ᠠ ᠬᠢᠳᠡᠯ ᠢ ᠨᠢ ᠨᠠᠷᠢᠨ ᠣᠶᠢᠯᠠᠭᠠᠪᠠ᠃

     ᠼᠦᠢ ᠵᠢᠩ ᠶᠢᠩ ᠢᠯᠡᠷᠭᠡᠶᠢᠯᠡᠭᠰᠡᠨ ᠨᠢ᠂ ᠬᠠᠷᠠᠬᠤᠳᠠ ᠶᠢᠨ ᠬᠢᠨ ᠠᠵᠤ ᠦᠢᠯᠡᠰ ᠤᠨ ᠬᠡᠯᠪᠡᠷᠢ ᠪᠠᠨ

ᠬᠤᠪᠢᠷᠠᠭᠤᠯᠬᠤ᠂ ᠠᠮᠢ ᠠᠬᠤᠢ ᠶᠢ ᠰᠡᠷᠭᠦᠭᠡᠬᠦ᠂ ᠬᠤᠳᠠ ᠶᠢᠨ ᠪᠦᠲᠦᠭᠡᠨ ᠪᠠᠶᠢᠭᠤᠯᠤᠯᠲᠠ᠂ ᠰᠣᠶᠣᠯ ᠵᠢᠭᠤᠯᠴᠢᠯᠠᠯ ᠤᠨ

ᠲᠦᠷᠦᠯ ᠲᠡᠮᠳᠡᠭ ᠢ ᠡᠭᠦᠳᠬᠦ ᠳᠤ ᠴᠥᠮ ᠬᠥᠮᠥᠰ ᠤᠨ ᠠᠩᠬᠠᠷᠤᠯ ᠢ ᠲᠠᠲᠠᠭᠰᠠᠨ ᠠᠮᠵᠢᠯᠲᠠ ᠣᠯᠵᠠᠢ᠂ ᠦᠬᠠᠢ

ᠰᠤᠷᠤᠯᠴᠠᠭᠤᠰᠢᠲᠠᠢ ᠪᠥᠭᠡᠳ ᠲᠣᠯᠢ ᠪᠣᠯᠭᠠᠭᠤᠰᠢᠲᠠᠢ ᠶᠤᠮ᠃ ᠣᠯᠣᠯᠴᠠᠭ᠎ᠠ ᠰᠣᠯᠢᠯᠴᠠᠭ᠎ᠠ ᠪᠠᠨ ᠴᠢᠨᠠᠭᠰᠢᠳᠠ

ᠴᠢᠩᠭᠠᠳᠬᠠᠵᠤ᠂ ᠠᠵᠤ ᠦᠢᠯᠡᠰ ᠤᠨ ᠬᠠᠮᠵᠢᠯᠴᠠᠨ ᠵᠣᠯᠭᠠᠯᠴᠠᠬᠤ ᠪᠠᠨ ᠴᠢᠩᠭᠠᠳᠬᠠᠵᠤ᠂ ᠰᠢᠨ᠎ᠡ ᠡᠨᠧᠷᠭᠢ᠂ ᠰᠢᠨ᠎ᠡ

ᠮᠠᠲ᠋ᠧᠷᠢᠶᠠᠯ᠂ ᠲᠣᠭᠠᠴᠢᠯᠠᠭᠰᠠᠨ ᠠᠵᠤ ᠠᠬᠤᠢ᠂ ᠰᠣᠶᠣᠯ ᠵᠢᠭᠤᠯᠴᠢᠯᠠᠯ ᠵᠡᠷᠭᠡ ᠲᠠᠯ᠎ᠠ ᠪᠠᠷ ᠬᠢ ᠬᠠᠮᠲᠤᠷᠠᠯᠴᠠᠭ᠎ᠠ ᠪᠠᠨ

ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ

ᠬᠦᠷᠳᠡᠬᠦ ᠶᠢ ᠪᠡᠶᠡᠯᠡᠭᠦᠯᠵᠦ᠂ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ

ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号