ᠣᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ | ᠨᠢ᠂ ᠡᠨᠡ ᠵᠢᠯ ᠤᠨ ᠨᠢᠭᠡᠳᠦᠭᠡᠷ ᠤᠯᠠᠷᠢᠯ ᠳᠤ ᠮᠠᠨ ᠤ ᠬᠤᠲᠠ ᠥᠨᠳᠥᠷ ᠨᠠᠰᠤᠨ ᠤ ᠨᠡᠮᠡᠭᠦᠷᠢ ᠶᠢ 367.86 ᠲᠦᠮᠡᠨ | ᠲᠥᠭᠦᠷᠢᠭ ᠲᠠᠷᠬᠠᠭᠠᠵᠤ᠂ 12362 ᠨᠠᠰᠤᠲᠠᠨ ᠳᠤ ᠠᠰᠢᠭ ᠬᠦᠷᠲᠡᠭᠡᠵᠦ᠂ ᠪᠦᠬᠦᠯᠢ 80 ᠨᠠᠰᠤ ᠵᠢᠴᠢ 80 ᠨᠠᠰᠤᠨ | ᠠᠴᠠ ᠳᠡᠭᠡᠭᠰᠢᠬᠢ ᠨᠠᠰᠣᠳᠠᠨ ᠠᠳᠠᠯᠢ ᠬᠤᠭᠤᠴᠠᠭᠠᠨ ᠤ ᠬᠢ ᠠᠴᠠ 6.86% ᠪᠠᠷ ᠨᠡᠮᠡᠭᠳᠡᠪᠡ᠃ | ᠣᠶᠢᠯᠠᠭᠠᠭᠰᠠᠨ ᠢᠶᠠᠷ᠂ ᠥᠨᠳᠥᠷ ᠨᠠᠰᠤᠨ ᠤ ᠨᠡᠮᠡᠭᠦᠷᠢ ᠮᠥᠩᠭᠦ ᠪᠣᠯ ᠮᠠᠨ ᠤ ᠬᠤᠲᠠ ᠶᠢᠨ ᠪᠦᠬᠦᠯᠢ 80 ᠨᠠᠰᠤ | ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠲᠤ ᠵᠣᠷᠢᠭᠤᠯᠤᠭᠰᠠᠨ ᠲᠦᠭᠡᠮᠡᠯ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠮᠥᠨ᠂ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠲᠠᠢ᠂ ᠪᠦᠬᠦᠯᠢ 80 ᠨᠠᠰᠤ ᠬᠦᠷᠦᠭᠰᠡᠨ | ᠨᠠᠰᠤᠲᠠᠶᠢᠴᠤᠳ ᠲᠤ ᠴᠥᠮ ᠲᠣᠰ ᠲᠥᠷᠥ ᠶᠢᠨ ᠪᠣᠳᠣᠯᠭ᠎ᠠ ᠶᠢ ᠡᠳ᠋ᠯᠡᠭᠦᠯᠵᠦ ᠪᠣᠯᠣᠨ᠎ᠠ᠃ ᠮᠠᠨ ᠤ ᠬᠤᠲᠠ ᠶᠢᠨ | ᠣᠯᠭᠤᠬᠤ ᠪᠠᠷᠢᠮᠵᠢᠶ᠎ᠠ ᠨᠢ ᠪᠦᠬᠦᠯᠢ 80 ᠨᠠᠰᠤᠨ ᠠᠴᠠ ᠪᠦᠬᠦᠯᠢ 99 ᠨᠠᠰᠤ ᠬᠦᠷᠲᠡᠯᠡᠬᠢ ᠨᠠᠰᠤᠲᠠᠶᠢᠴᠤᠳ ᠲᠤ | ᠬᠥᠮᠥᠨ ᠪᠦᠷᠢ ᠳᠤ ᠰᠠᠷ᠎ᠠ ᠪᠦᠷᠢ 100 ᠲᠥᠭᠦᠷᠢᠭ ᠤᠨ ᠥᠨᠳᠥᠷ ᠨᠠᠰᠤᠨ ᠤ ᠨᠡᠮᠡᠭᠦᠷᠢ ᠮᠥᠩᠭᠦ ᠣᠯᠭᠤᠨ᠎ᠠ︔ | ᠪᠦᠬᠦᠯᠢ 100 ᠨᠠᠰᠤ ᠵᠢᠴᠢ ᠪᠦᠬᠦᠯᠢ 100 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠬᠥᠮᠥᠨ ᠪᠦᠷᠢ ᠳᠤ | ᠰᠠᠷ᠎ᠠ ᠪᠦᠷᠢ 600 ᠲᠥᠭᠦᠷᠢᠭ ᠤᠨ ᠥᠨᠳᠥᠷ ᠨᠠᠰᠤᠨ ᠤ ᠨᠡᠮᠡᠭᠦᠷᠢ ᠮᠥᠩᠭᠦ ᠣᠯᠭᠤᠨ᠎ᠠ᠃ ᠣᠳᠣᠬᠠᠨ ᠳᠤ᠂ ᠲᠣᠰ | ᠨᠥᠬᠦᠪᠦᠷᠢ ᠶᠢ ᠨᠢᠭᠡᠨᠲᠡ ︽ᠨᠡᠶᠢᠭᠡᠮ ᠤᠨ ᠳᠠᠭᠠᠳᠬᠠᠯ ᠤᠨ ᠺᠠᠷᠲ︾ ︽ᠪᠦᠷᠢᠨ ᠴᠢᠳᠠᠮᠵᠢᠲᠤ ᠺᠠᠷᠲ︾ ᠪᠤᠶᠤ | ︽ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠺᠠᠷᠲ︾ ᠢᠶᠠᠷ ᠳᠠᠮᠵᠢᠭᠤᠯᠤᠨ ᠬᠤᠪᠢ ᠬᠥᠮᠥᠨ ᠤ ᠲᠠᠩᠰᠠᠨ | ᠡᠷᠦᠬᠡ ᠳᠤ ᠲᠠᠷᠬᠠᠭᠠᠭᠰᠠᠨ ᠪᠠᠶᠢᠨ᠎ᠠ᠃ | ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠥᠨᠳᠥᠷ ᠨᠠᠰᠤᠨ ᠤ ᠨᠡᠮᠡᠭᠦᠷᠢ ᠮᠦᠩᠬᠦ ᠣᠯᠭᠤᠬᠤ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠡᠨᠡ ᠬᠦ | ᠲᠦᠭᠡᠮᠡᠯ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠶᠡᠭᠡ ᠪᠠᠷ ᠤᠬᠠᠭᠤᠯᠵᠤ᠂ ᠥᠨᠳᠥᠷ ᠨᠠᠰᠤᠨ ᠤ ᠨᠡᠮᠡᠭᠦᠷᠢ | ᠮᠦᠩᠬᠦ ᠶᠢ ᠰᠦᠯᠵᠢᠶᠡᠨ ᠳᠡᠭᠡᠷ᠎ᠡ ᠭᠤᠶᠤᠴᠢᠯᠠᠬᠤ ᠪᠠ ᠭᠡᠷᠡᠴᠢᠯᠡᠬᠦ ᠶᠢ ᠢᠳᠡᠪᠬᠢᠲᠡᠢ ᠬᠡᠷᠡᠭᠯᠡᠨ᠂ ᠬᠥᠳᠡᠯᠦᠩᠭᠦᠢ | ᠬᠠᠮᠢᠶᠠᠷᠤᠯᠲᠠ ᠶᠢ ᠬᠡᠷᠡᠭᠵᠢᠭᠦᠯᠵᠦ᠂ ᠥᠨᠳᠥᠷ ᠨᠠᠰᠤᠨ ᠤ ᠨᠡᠮᠡᠭᠦᠷᠢ ᠮᠦᠩᠬᠦ ᠶᠢ ᠣᠯᠭᠤᠪᠡᠰᠦ ᠵᠣᠬᠢᠬᠤ ᠨᠠᠰᠣᠳᠠᠨ ᠳᠤ | ᠪᠦᠬᠦᠨ ᠢᠶᠠᠷ ᠣᠯᠭᠤᠵᠣ᠂ ᠨᠢᠭᠡ ᠬᠥᠮᠥᠨ ᠢ ᠴᠦ ᠬᠤᠴᠣᠷᠤᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠪᠡᠯᠡ | ᠮᠥᠩᠭᠦ ᠶᠢ ᠴᠠᠭ ᠲᠤᠬᠠᠢ ᠳᠤᠨᠢ ᠣᠯᠭᠤᠬᠤ ᠶᠢ ᠦᠨᠡᠨ ᠬᠦ ᠪᠠᠲᠤᠯᠠᠵᠤ᠂ ᠥᠨᠳᠥᠷ ᠨᠠᠰᠣᠳᠠᠶᠢᠴᠤᠳ ᠤᠨ ᠦᠨᠳᠦᠰᠦᠨ | ᠠᠮᠢᠳᠤᠷᠠᠯ ᠢ ᠪᠠᠲᠤᠯᠠᠪᠠ᠃ |