ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/17
     4 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠣᠷᠣᠨ ᠤ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠤᠳᠤᠯᠪᠠ᠃ ᠬᠤᠲᠠ ᠶᠢᠨ ᠤᠳᠤᠷᠢᠳᠤᠯᠭ᠎ᠠ ᠭᠤᠸ ᠪᠥᠸᠧ ᠣᠷᠣᠯᠴᠠᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠣᠯ ᠮᠠᠨ ᠤ ᠬᠤᠳᠠ ᠶᠢᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠨᠠᠶᠢᠳᠠᠪᠤᠷᠢᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ ᠢ ᠪᠦᠷᠢᠨ ᠲᠡᠭᠦᠯᠳᠡᠷ ᠰᠢᠨ᠎ᠡ ᠶᠢ ᠡᠭᠦᠳᠬᠦ ᠬᠡᠯᠬᠢᠶ᠎ᠡ ᠪᠣᠯᠭᠠᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ᠂ ᠰᠢᠨ᠎ᠡ ᠶᠢ ᠡᠭᠦᠳᠬᠦ ᠡᠬᠢ ᠪᠠᠶᠠᠯᠢᠭ ᠢ ᠲᠥᠪᠯᠡᠷᠡᠭᠦᠯᠬᠦ ᠴᠢᠬᠤᠯᠠ ᠨᠢᠭᠡ ᠭᠤᠭᠴᠤᠭ᠎ᠠ ᠪᠣᠯᠭᠠᠵᠤ᠂ BDO ᠵᠡᠷᠭᠡ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠰᠥᠯ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ᠂ ᠪᠦᠲᠦᠭᠡᠨ ᠪᠠᠶᠢᠭᠤᠯᠤᠯᠲᠠ ᠶᠢᠨ ᠵᠠᠭᠪᠤᠷ ᠪᠠ ᠬᠤᠯᠪᠤᠭᠳᠠᠯ ᠪᠦᠬᠦᠢ ᠳᠡᠮᠵᠢᠵᠦ ᠪᠠᠲᠤᠯᠠᠬᠤ ᠲᠥᠷᠥ ᠶᠢᠨ ᠪᠣᠳᠣᠯᠭ᠎ᠠ ᠶᠢ ᠱᠠᠯᠠᠪᠳᠠᠨ ᠲᠣᠭᠲᠠᠭᠠᠵᠤ᠂ ᠭᠤᠣᠯ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ ᠪᠠᠨ ᠲᠣᠳᠣᠷᠬᠠᠶᠢᠯᠠᠨ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢᠶᠠᠨ ᠵᠢᠭᠰᠠᠭᠠᠵᠤ᠂ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠨᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ ᠢ ᠡᠷᠲᠡᠬᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ᠃ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠳᠡᠭᠡᠳᠦ ᠱᠠᠲᠤᠨ ᠤ ᠬᠢ ᠲᠠᠢ ᠵᠣᠬᠢᠴᠠᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠪᠣᠯᠣᠨ ᠶᠡᠭᠡ ᠳᠡᠭᠡᠳᠦ ᠰᠤᠷᠭᠠᠭᠤᠯᠢ ᠯᠤᠭ᠎ᠠ ᠶᠢᠨ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠬᠥᠭᠵᠢᠭᠰᠡᠨ ᠭᠠᠵᠠᠷ ᠣᠷᠣᠨ ᠤ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠣᠯᠢᠳᠠᠵᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠵᠠᠪᠰᠠᠷ ᠤᠨ ᠲᠤᠷᠰᠢᠯᠲᠠ ᠪᠠᠷ ᠳᠠᠮᠵᠢᠨ ᠤᠯᠠᠷᠢᠭᠤᠯᠤᠨ ᠨᠠᠶᠢᠳᠠᠪᠤᠷᠢᠵᠢᠭᠤᠯᠬᠤ ᠶᠢ ᠲᠦᠷᠭᠡᠨ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号