ᠬᠤᠲᠠ ᠶᠢᠨ ᠵᠠᠰᠠᠭ ᠤᠨ ᠣᠷᠳᠣᠨ ᠤ 2024 ᠣᠨ ᠤ ᠳᠣᠯᠣᠳᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/17
     4 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2024 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠵᠢᠴᠢ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠤᠳᠤᠷᠢᠳᠬᠤ ᠳᠤᠭᠤᠶᠢᠯᠠᠩ ᠤᠨ ᠬᠤᠷᠠᠯ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠢᠴᠢ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢᠶᠠᠨ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠡᠵᠡᠮᠳᠡᠬᠦ︾᠂ ᠬᠤᠶᠠᠷ ᠢ ᠬᠦᠷᠢᠶᠡᠯᠡᠬᠦ ᠵᠡᠷᠭᠡ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠮᠠᠨ ᠤ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ 4.0 ᠲᠥᠰᠥᠯ ᠢ ᠰᠤᠳᠤᠯᠤᠨ ᠲᠣᠭᠲᠠᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠬᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠪᠤᠵᠠᠭᠠᠶᠢᠷᠠᠯ ᠢ ᠠᠬᠢᠭᠤᠯᠬᠤ ᠨᠡᠩ ᠤᠯᠠᠨ ᠰᠢᠨ᠎ᠡ ᠠᠷᠭ᠎ᠠ ᠬᠡᠮᠵᠢᠶ᠎ᠡ ᠶᠢ ᠲᠣᠭᠲᠠᠭᠠᠵᠤ᠂ ᠮᠠᠨ  ᠤ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠨᠡᠩ ᠰᠢᠯᠢᠳᠡᠭ᠂ ᠠᠷᠠᠳ ᠠᠴᠠ ᠡᠵᠡᠩᠨᠡᠭᠰᠡᠨ ᠠᠵᠤ ᠠᠬᠤᠢ ᠨᠡᠩ ᠬᠦᠴᠦᠷᠬᠡᠭ ᠪᠣᠯᠬᠤ ᠶᠢ ᠠᠬᠢᠭᠤᠯᠬᠤ ᠬᠡᠷᠡᠭᠲᠡᠢ᠃ ᠲᠣᠭᠲᠠᠴᠠ ᠪᠠᠨ ᠤᠯᠠᠮ ᠨᠢᠭᠡ ᠠᠯᠬᠤᠮ ᠪᠦᠷᠢᠨᠰᠢᠭᠦᠯᠵᠦ᠂ ᠳᠤᠮᠳᠠ ᠪᠠᠭ᠎ᠠ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠥᠷᠢᠯᠳᠦᠭᠡᠨ ᠦᠭᠡᠢ ᠲᠠᠩᠰᠠᠨ ᠤ ᠵᠣᠭᠤᠰ ᠢ ︽ᠬᠥᠳᠡᠯᠦᠩᠭᠦᠢ ᠪᠠᠷ ᠲᠡᠭ ᠪᠣᠯᠭᠠᠬᠤ︾ ᠶᠢ ᠪᠠᠲᠤᠯᠠᠵᠤ᠂ ᠰᠢᠨ᠎ᠡ ᠨᠡᠮᠡᠭᠳᠡᠯ ᠤᠨ ᠬᠡᠮᠵᠢᠶ᠎ᠡ ᠶᠢ ᠡᠷᠡᠰ ᠬᠤᠷᠢᠭᠯᠠᠬᠤ ᠬᠡᠷᠡᠭᠲᠡᠢ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠦᠷᠢᠮ ᠤᠨ ᠲᠣᠭᠲᠠᠴᠠ ᠪᠣᠯᠣᠨ ᠪᠣᠳᠠᠲᠠᠢ ᠠᠷᠭ᠎ᠠ ᠬᠡᠮᠵᠢᠶ᠎ᠡ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠭᠠᠷ ᠭᠦᠢᠴᠡᠳᠬᠡᠯ ᠭᠦᠢᠴᠡᠳᠬᠡᠬᠦ᠂ ᠪᠡᠯᠡ ᠮᠥᠩᠭᠦ ᠬᠤᠷᠠᠮᠳᠤᠭᠤᠯᠬᠤ᠂ ᠠᠵᠢᠯᠴᠢᠨ ᠬᠡᠷᠡᠭᠯᠡᠬᠦ ᠵᠡᠷᠭᠡ ᠲᠠᠯ᠎ᠠ ᠶᠢᠨ ᠬᠦᠴᠢᠷᠳᠡᠯ ᠢ ᠨᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠭᠤᠣᠯ ᠤᠳᠤᠷᠢᠳᠤᠮᠵᠢ ᠶᠢᠨ ᠦᠢᠯᠡᠳᠦᠯ ᠢᠶᠠᠨ ᠲᠤᠪᠤᠶᠢᠯᠭᠠᠵᠦ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠡᠭᠦᠷᠭᠡ᠂ ᠵᠠᠩᠭᠢᠯᠠᠭ᠎ᠠ ᠶᠢᠨ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠪᠴᠠᠩ ᠢᠶᠠᠨ ᠰᠠᠶᠢᠲᠤᠷ ᠪᠠᠶᠢᠭᠤᠯᠵᠤ᠂ ᠠᠴᠢᠶᠠᠯᠠᠪᠤᠷᠢ ᠶᠢ ᠰᠠᠶᠢᠲᠤᠷ ᠬᠡᠷᠡᠭᠯᠡᠵᠦ᠂ ᠥᠭᠡᠷᠡᠴᠢᠯᠡᠯᠲᠡ ᠶᠢᠨ ᠠᠷᠭ᠎ᠠ᠂ ᠠᠮᠢᠳᠤᠯᠢᠭ ᠲᠣᠭᠲᠠᠴᠠ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠳᠬᠤᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠢ ᠪᠣᠶᠢᠵᠢᠭᠤᠯᠤᠨ ᠬᠥᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ BDO ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠣᠷᠣᠨ ᠤ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ ᠵᠡᠷᠭᠡ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨ᠎ᠡ ᠶᠢ ᠡᠭᠦᠳᠬᠦ ᠭᠤᠣᠯ ᠴᠣᠭᠴᠠ ᠶᠢ ᠪᠣᠶᠢᠵᠢᠭᠤᠯᠬᠤ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠵᠤ᠂ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠣᠷᠣᠨ ᠢ ᠪᠦᠬᠦ ᠬᠦᠴᠦᠨ ᠢᠶᠠᠷ ᠢᠶᠠᠨ ᠴᠢᠷᠮᠠᠶᠢᠨ ᠡᠭᠦᠳᠬᠦ ᠬᠡᠷᠡᠭᠲᠡᠢ᠃ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠬᠠᠷᠠᠭᠠᠯᠵᠠᠯ ᠪᠠᠲᠤᠯᠠᠭ᠎ᠠ ᠶᠢᠨ ᠲᠠᠯ᠎ᠠ ᠪᠠᠷ ᠢᠯᠡᠭᠦᠬᠡᠨ ᠬᠦᠴᠦ ᠣᠷᠣᠭᠤᠯᠵᠤ᠂ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠦᠴᠦᠲᠡᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠨᠧᠷᠭᠢ ᠶᠢᠨ ᠬᠤᠷᠣᠭᠳᠠᠯ ᠤᠨ ︽ᠬᠤᠤᠰ ᠡᠵᠡᠮᠳᠡᠯ︾ ᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ︽ᠬᠤᠤᠰ ᠡᠵᠡᠮᠳᠡᠯ︾ ᠲᠡᠰᠢ ᠬᠤᠪᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠡᠨᠧᠷᠭᠢ ᠶᠢᠨ ᠬᠤᠷᠣᠭᠳᠠᠯ ᠤᠨ ᠲᠥᠰᠥᠪ ᠤᠨ ᠬᠠᠮᠢᠶᠠᠷᠤᠯᠲᠠ ᠪᠠᠨ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠬᠤᠶᠠᠷ ᠥᠨᠳᠥᠷ ᠨᠢᠭᠡ ᠳᠣᠣᠷ᠎ᠠ︾ ᠲᠦᠷᠦᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠴᠢᠩᠭ᠎ᠠ ᠬᠢᠵᠠᠭᠠᠷᠯᠠᠵᠤ᠂ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢ ᠰᠢᠨ᠎ᠡ ᠪᠠᠷ ᠰᠣᠯᠢᠬᠤ ᠠᠵᠢᠯᠯᠠᠭ᠎ᠠ ᠶᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠡᠨᠧᠷᠭᠢ ᠠᠷᠪᠢᠯᠠᠵᠤ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠭᠤᠶᠢᠪᠢᠰᠢ ᠦᠭᠡᠢ ᠰᠠᠶᠢᠲᠤᠷ ᠠᠳᠬᠤᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠵᠤ ᠦᠷ᠎ᠡ ᠠᠰᠢᠭ ᠢᠶᠠᠨ ᠨᠡᠮᠡᠭᠳᠡᠭᠦᠯᠬᠦ᠂ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠵᠡᠷᠭᠡ ᠭᠤᠣᠯᠳᠠᠯᠭ᠎ᠠ ᠲᠠᠢ ᠠᠵᠢᠯ  ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠪᠡᠶᠡᠯᠡᠭᠦᠯᠬᠦ ᠳᠤ ᠦᠬᠠᠢ ᠶᠢᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠦᠨᠳᠦᠰᠦᠨ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠦᠷᠳᠡᠭᠡ ᠶᠢ ᠰᠠᠶᠢᠲᠤᠷ ᠠᠰᠢᠭᠯᠠᠨ ᠠᠮᠢᠳᠤᠯᠢᠭ ᠢᠶᠠᠷ ᠬᠡᠷᠡᠭᠯᠡᠵᠦ᠂ ᠰᠢᠯᠵᠢᠭᠦᠯᠦᠨ ᠲᠤᠰᠢᠶᠠᠵᠤ ᠲᠥᠪᠬᠢᠨᠡᠭᠦᠯᠬᠦ᠂ ᠠᠰᠠᠷᠠᠮᠵᠢ ᠬᠠᠷᠠᠭᠠᠯᠵᠠᠯ ᠦᠵᠡᠭᠦᠯᠬᠦ᠂ ᠮᠠᠭᠲᠠᠨ ᠰᠠᠶᠢᠰᠢᠶᠠᠵᠤ ᠳᠤᠷᠠᠰᠬᠠᠬᠤ ᠵᠡᠷᠭᠡ ᠠᠵᠢᠯ ᠢᠶᠠᠨ ᠨᠠᠷᠢᠨ ᠬᠢᠨᠠᠮᠠᠭᠠᠢ ᠰᠠᠶᠢᠲᠤᠷ ᠬᠢᠵᠦ᠂ ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠰᠠᠯᠪᠤᠷᠢ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠴᠡᠷᠢᠭ ᠢ ᠲᠠᠭᠠᠬᠰᠠᠨ ᠭᠡᠷ ᠪᠦᠯᠢ ᠶᠢᠨ  ᠬᠢᠨ ᠤ ᠠᠵᠢᠯ ᠣᠯᠭᠤᠯᠳᠠ ᠡᠮᠴᠢᠯᠡᠭᠡ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠵᠡᠷᠭᠡ ᠪᠣᠳᠠᠲᠠᠢ ᠬᠦᠴᠢᠷᠳᠡᠯ ᠢ ᠨᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ᠶᠢᠨ ᠰᠢᠯᠭᠠᠨ ᠬᠢᠨᠠᠬᠤ ᠱᠠᠭᠠᠷᠳᠠᠯᠭ᠎ᠠ ᠲᠠᠢ ᠬᠠᠷᠢᠴᠠᠭᠤᠯᠵᠤ᠂ ᠠᠯᠳᠠᠭᠳᠠᠯ ᠢᠶᠠᠨ ᠪᠠᠶᠢᠴᠠᠭᠠᠨ ᠳᠤᠲᠠᠭᠤᠳᠠᠯ ᠢᠶᠠᠨ ᠨᠥᠬᠦᠪᠦᠷᠢᠯᠡᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠯᠭᠠᠨ ᠬᠢᠨᠠᠵᠤ ᠰᠢᠯᠭᠠᠨ ᠠᠪᠬᠤ ᠶᠢ ᠤᠷᠤᠭᠰᠢᠲᠠᠢ ᠥᠩᠭᠡᠷᠡᠭᠦᠯᠬᠦ ᠶᠢ ᠦᠨᠡᠨᠬᠦ ᠪᠠᠲᠤᠯᠠᠵᠤ᠂ ᠪᠥᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ᠶᠢᠨ ︽ᠵᠠᠯᠭᠠᠭ᠎ᠠ ᠪᠠᠷ ᠭᠤᠷᠪᠠᠨᠲᠠ ᠮᠠᠩᠯᠠᠶᠢᠯᠠᠬᠤ︾ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠬᠤᠪᠢᠰᠬᠠᠯ ᠤᠨ ᠡᠬᠢ ᠪᠠᠶᠠᠯᠢᠭ ᠢ ᠭᠦᠨ ᠠᠭᠤᠳᠠᠯᠵᠤ᠂ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠵᠤ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠢᠭᠡ ᠪᠦᠯᠦᠭ ᠬᠤᠶᠠᠷ ᠢ ᠬᠦᠷᠢᠶᠡᠯᠡᠬᠦ ᠵᠢᠱᠢᠶᠡᠴᠢ ᠨᠡᠶᠢᠲᠡᠯᠢᠭ ᠵᠢᠱᠢᠶ᠎ᠡ ᠶᠢ ᠰᠣᠩᠭᠤᠨ ᠭᠠᠷᠭᠠᠬᠤ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠪᠦᠬᠦ ᠨᠡᠶᠢᠭᠡᠮ ᠢᠶᠠᠷ ᠢᠶᠠᠨ ᠴᠡᠷᠢᠭ ᠢᠶᠠᠨ ᠬᠦᠷᠢᠶᠡᠯᠡᠵᠦ ᠴᠡᠷᠢᠭ ᠢᠶᠠᠨ ᠬᠠᠶᠢᠷᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠨᠠᠭᠰᠢᠳᠠ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ︽ᠴᠠᠭ ᠢᠮᠠᠭᠲᠠ ᠰᠠᠨᠠᠭ᠎ᠠ ᠠᠮᠤᠷ ᠪᠠᠶᠢᠵᠤ ᠪᠤᠯᠬᠤ ᠦᠭᠡᠢ︾ ᠬᠠᠷᠢᠭᠤᠴᠠᠯᠭᠠᠲᠤ ᠰᠡᠳᠬᠢᠯᠭᠡ ᠶᠢ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠬᠦᠴᠦᠨ ᠪᠣᠯᠭᠠᠨ ᠬᠤᠪᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢᠶᠠᠨ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠪᠠᠲᠤᠯᠠᠬᠤ ᠬᠡᠷᠡᠭᠲᠡᠢ ᠭᠡᠬᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠡ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号