ᠲᠠᠩ ᠢ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/17
     4 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠤᠳᠠ ᠲᠣᠭᠤᠷᠢᠭ ᠲᠤ ᠬᠦᠷᠴᠦ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠣᠣ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠲᠠᠩ ᠢ ᠨᠠᠷ ᠵᠢᠶᠦ᠋ᠨ ᠵᠧᠩ ᠡᠨᠧᠷᠭᠢ ᠶᠢᠨ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠢᠮᠢ ᠶᠢᠨ ᠠᠵᠤ ᠦᠢᠯᠡᠳᠪᠦᠷᠢ ᠶᠢᠨ ᠰᠤᠳᠤᠯᠤᠨ ᠨᠡᠭᠡᠭᠡᠬᠦ ᠲᠥᠪ ᠲᠤ ᠬᠦᠷᠴᠦ᠂ ᠲᠤᠬᠠᠢ ᠶᠢᠨ ᠭᠠᠵᠠᠷ ᠲᠤᠨᠢ BDO᠂ PTMEG ᠦᠢᠯᠡᠳᠬᠦᠨ ᠢ ᠰᠤᠳᠤᠯᠤᠨ ᠨᠡᠭᠡᠭᠡᠭᠰᠡᠨ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠭᠰᠡᠨ ᠵᠡᠷᠭᠡ ᠪᠠᠶᠢᠳᠠᠯ ᠢ ᠨᠢ ᠪᠠᠶᠢᠴᠠᠭᠠᠨ ᠦᠵᠡᠪᠡ᠃ ᠲᠠᠩ ᠢ ᠬᠡᠯᠡᠭᠰᠡᠨ ᠨᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯ ᠡᠯᠧᠮᠧᠨ᠋ᠲ ᠮᠥᠨ᠂ ᠠᠵᠤ ᠠᠬᠤᠶᠢᠯᠠᠯ ᠲᠤᠰ ᠪᠡᠶ᠎ᠡ ᠶᠢᠨ ᠠᠵᠤ ᠦᠢᠯᠡᠰ ᠤᠨ ᠬᠡᠯᠬᠢᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠤᠯᠤᠰ ᠤᠨ ᠳᠣᠲᠣᠭᠠᠳᠤ ᠶᠢᠨ ᠣᠷᠣᠶᠢᠯᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠣᠯᠣᠨ ᠲᠤᠰᠬᠠᠢ ᠮᠡᠷᠭᠡᠵᠢᠯᠲᠡᠨ ᠡᠷᠳᠡᠮᠲᠡᠨ ᠲᠠᠢ ᠵᠣᠯᠭᠠᠭᠤᠯᠤᠨ ᠬᠠᠮᠲᠤᠷᠠᠯᠴᠠᠬᠤ ᠪᠠᠨ ᠦᠷᠭᠦᠯᠵᠢᠯᠡᠨ ᠴᠢᠩᠭᠠᠳᠬᠠᠵᠤ᠂ ᠰᠤᠳᠤᠯᠤᠨ ᠨᠡᠭᠡᠭᠡᠬᠦ ᠰᠢᠰᠲ᠋ᠧᠮᠵᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠣᠳᠣᠯᠭᠠᠨ ᠤ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠦᠨ᠂ ᠢᠷᠡᠭᠡᠳᠦᠢ ᠶᠢᠨ ᠰᠢᠨ᠎ᠡ ᠤᠷᠠᠨ ᠮᠡᠷᠭᠡᠰᠢᠯ᠂ ᠰᠢᠨ᠎ᠡ ᠮᠠᠲ᠋ᠧᠷᠢᠶᠠᠯ᠂ ᠰᠢᠨ᠎ᠡ ᠦᠢᠯᠡᠳᠬᠦᠨ ᠢ ᠰᠤᠳᠤᠯᠤᠨ ᠨᠡᠭᠡᠭᠡᠬᠦ ᠠᠰᠠᠭᠤᠳᠠᠯ ᠢᠶᠠᠨ ᠬᠦᠴᠦᠯᠡᠨ ᠰᠢᠢᠳᠪᠦᠷᠢᠯᠡᠵᠦ᠂ ᠪᠤᠰᠣᠳ ᠠᠴᠠ ᠨᠢᠭᠡ ᠠᠯᠬᠤᠮ ᠣᠷᠢᠳᠠᠬᠤ ᠪᠠᠷ ᠴᠢᠷᠮᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠢᠯ ᠲᠥᠷᠥᠯ ᠤᠨ ᠥᠨᠳᠦᠷᠯᠢᠭ ᠭᠠᠵᠠᠷ ᠢ ᠡᠵᠡᠯᠡᠨ᠂ ᠠᠵᠢᠯ ᠲᠥᠷᠥᠯ ᠤᠨ ᠬᠥᠭᠵᠢᠯᠲᠡ ᠶᠢ ᠬᠥᠲᠥᠯᠥᠨ ᠳᠠᠭᠠᠭᠤᠯᠵᠤ᠂ BDO ᠶᠢᠨ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠪᠠᠨ ᠲᠠᠰᠤᠷᠠᠯᠳᠠ ᠦᠭᠡᠢ ᠤᠷᠲᠤᠳᠬᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠣᠶᠢᠵᠢᠭᠤᠯᠵᠤ᠂ ᠮᠠᠨ ᠤ ᠬᠤᠳᠠ ᠶᠢᠨ ᠪᠥᠬᠦ ᠪᠥᠮᠪᠥᠷᠴᠡᠭ ᠤᠨ ᠬᠠᠮᠤᠭ ᠤᠨ ᠲᠣᠮᠣ BDO ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠴᠣᠭᠴᠠᠯᠠᠨ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠳᠡᠢ ᠭᠡᠵᠡᠢ᠃      ᠥᠪᠥᠷ ᠮᠣᠩᠭᠤᠯ ᠤᠨ ᠹᠧᠢ ᠱᠢ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠪᠣᠯᠣᠨ᠎ᠠ᠂ ᠲᠠᠩ ᠢ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠤᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠨᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠢᠨ ᠤ ᠲᠤᠭ᠎ᠠ ᠪᠠᠷᠢᠮᠲᠠ ᠴᠤᠭᠯᠠᠭᠤᠯᠬᠤ ᠳᠠᠪᠠᠭᠤᠯᠢᠭ ᠢᠶᠠᠨ ᠴᠢᠨᠠᠭᠰᠢᠳᠠ ᠪᠠᠳᠠᠷᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠤᠨ ᠬᠦᠴᠦᠨ ᠢ ᠨᠡᠶᠢᠳᠬᠡᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠣᠶᠤᠨᠴᠢᠯᠠᠭᠰᠠᠨ᠂ ᠮᠡᠳᠡᠭᠡ ᠵᠠᠩᠬᠢᠴᠢᠯᠠᠭᠰᠠᠨ ᠰᠢᠢᠳᠪᠦᠷᠢᠯᠡᠬᠦ ᠠᠷᠭ᠎ᠠ ᠵᠠᠮ ᠤᠨ ᠲᠥᠰᠥᠯ ᠢ ᠬᠠᠩᠭᠠᠵᠤ᠂ ᠲᠣᠭᠠᠴᠢᠯᠠᠭᠰᠠᠨ ᠮᠡᠷᠭᠡᠵᠢᠯ ᠢᠶᠠᠷ ᠠᠵᠤ ᠠᠬᠤᠶᠢᠯᠠᠯ ᠤᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠥᠪᠡᠷ ᠤᠨ ᠦᠷᠳᠡᠭ ᠢᠶᠠᠨ ᠪᠠᠭᠤᠷᠠᠭᠤᠯᠵᠤ ᠦᠷ᠎ᠡ ᠠᠰᠢᠭ ᠢᠶᠠᠨ ᠨᠡᠮᠡᠭᠳᠡᠭᠦᠯᠬᠦ ᠶᠢ ᠬᠠᠪᠰᠤᠷᠴᠤ᠂ ᠪᠣᠳᠠᠲᠤ ᠴᠣᠭᠴᠠ ᠶᠢᠨ ᠠᠵᠤ ᠠᠬᠤᠢ ᠳᠤ ᠨᠡᠩ ᠰᠠᠶᠢᠨ ᠡᠨᠧᠷᠭᠢ ᠣᠯᠭᠤᠬᠤ ᠶᠢ ᠵᠣᠷᠢᠭᠵᠢᠭᠤᠯᠪᠠ᠃        ᠲᠠᠩ ᠢ ᠪᠠᠰᠠ ᠥᠪᠥᠷ ᠮᠣᠩᠭᠤᠯ ᠤᠨ ᠵᠢᠶᠠ ᠿᠦᠢ ᠮᠢ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠪᠣᠯᠣᠨ ᠥᠪᠥᠷ ᠮᠣᠩᠭᠤᠯ ᠤᠨ ᠪᠠᠷᠠᠭᠤᠨ ᠣᠷᠣᠨ ᠤ ᠨᠡᠭᠦᠷᠡᠰᠦ ᠪᠣᠯᠣᠨ ᠬᠢᠮᠢ ᠶᠢᠨ ᠠᠵᠤ ᠦᠢᠯᠡᠳᠪᠦᠷᠢ ᠶᠢᠨ ᠮᠡᠷᠭᠡᠵᠢᠯ ᠤᠨ ᠰᠤᠳᠤᠯᠤᠨ ᠨᠡᠭᠡᠭᠡᠬᠦ ᠲᠥᠪ ᠲᠤ ᠬᠦᠷᠴᠦ᠂ ᠦᠢᠯᠡᠳᠪᠦᠷᠢᠯᠡᠯ ᠡᠵᠡᠩᠨᠡᠯᠲᠡ᠂ ᠪᠦᠲᠦᠭᠡᠭᠳᠡᠬᠦᠨ ᠤ ᠰᠤᠳᠤᠯᠤᠨ ᠨᠡᠭᠡᠭᠡᠯᠲᠡ᠂ ᠲᠤᠬᠠᠶᠢᠯᠠᠭᠰᠠᠨ ᠠᠵᠢᠯ ᠥᠷᠨᠢᠭᠦᠯᠦᠭᠰᠡᠨ ᠵᠡᠷᠭᠡ ᠪᠠᠶᠢᠳᠠᠯ ᠢ ᠨᠢ ᠣᠶᠢᠯᠠᠭᠠᠪᠠ᠃ ᠲᠡᠷᠡ ᠬᠡᠯᠡᠭᠰᠡᠨ ᠨᠢ᠂ ᠰᠢ ᠶᠢᠨ ᠫᠢᠩ ᠶᠡᠷᠦᠩᠬᠡᠢ ᠱᠦᠵᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠣᠨᠴᠠᠯᠢᠭ ᠪᠣᠯ ᠰᠢᠨ᠎ᠡ ᠶᠢ ᠡᠭᠦᠳᠬᠦ ᠶᠠᠪᠤᠳᠠᠯ ᠪᠣᠯᠣᠨ᠎ᠠ᠂ ᠵᠠᠩᠭᠢᠯᠠᠭ᠎ᠠ ᠨᠢ ᠶᠠᠰᠤ ᠴᠢᠨᠠᠷ ᠰᠢᠯᠢᠳᠡᠭ᠂ ᠮᠥᠨ ᠴᠢᠨᠠᠷ ᠨᠢ ᠲᠡᠷᠢᠭᠦᠨ ᠤ ᠦᠢᠯᠡᠳᠪᠦᠷᠢᠯᠡᠯ ᠤᠨ ᠬᠦᠴᠦᠨ ᠪᠣᠯᠣᠨ᠎ᠠ ᠭᠡᠵᠦ ᠵᠢᠭᠠᠵᠤ ᠭᠠᠷᠭᠠᠪᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠠᠷᠭ᠎ᠠ ᠵᠠᠮ ᠳᠤ ᠲᠦᠰᠢᠭᠯᠡᠬᠦ ᠶᠢ ᠡᠪᠳᠡᠵᠦ᠂ ᠠᠯᠤᠰ ᠤᠨ ᠬᠠᠷᠠᠴᠠ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠠᠶᠢᠷᠢᠰᠢᠭᠤᠯᠤᠨ ᠬᠥᠭᠵᠢᠭᠦᠯᠵᠦ᠂ ᠬᠥᠭᠵᠢᠯᠲᠡ ᠶᠢᠨ ᠠᠰᠢᠭᠲᠠᠢ ᠪᠠᠶᠢᠷᠢ ᠶᠢ ᠡᠵᠡᠯᠡᠵᠦ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠣᠯᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠨᠡᠩ ᠰᠠᠶᠢᠨ ᠢᠶᠠᠷ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠮᠠᠨ ᠤ ᠬᠤᠲᠠ ᠶᠢᠨ ᠠᠵᠤ ᠦᠢᠯᠡᠰ ᠤᠨ ᠰᠠᠭᠤᠷᠢ ᠳᠤ ᠰᠠᠭᠤᠷᠢᠯᠠᠵᠤ᠂ ᠰᠢᠨ᠎ᠡ ᠮᠠᠲ᠋ᠧᠷᠢᠶᠠᠯ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ ᠢ ᠨᠢᠭᠡᠳᠦᠯᠲᠡᠢ ᠲᠥᠯᠥᠪᠵᠢᠭᠦᠯᠦᠨ ᠪᠠᠶᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠤ ᠵᠠᠪᠰᠠᠷ ᠤᠨ ᠲᠤᠷᠰᠢᠯᠲᠠ ᠶᠢᠨ ᠲᠠᠪᠴᠠᠩ ᠬᠠᠩᠭᠠᠵᠤ᠂ ᠨᠡᠩ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠠᠢ ᠳᠤ ᠣᠷᠣᠭᠤᠯᠤᠨ ᠤᠯᠠᠷᠢᠭᠤᠯᠵᠤ᠂ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠥᠪᠯᠡᠷᠡᠭᠦᠯᠦᠨ ᠰᠢᠩᠭᠡᠭᠡᠬᠦ ᠴᠢᠳᠠᠪᠤᠷᠢ  ᠪᠠᠨ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠶᠡᠭᠡ ᠬᠡᠪᠴᠢᠶ᠎ᠡ ᠪᠠᠷ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠢᠯ ᠤᠨ ᠬᠠᠭᠤᠴᠢᠨ ᠢ ᠰᠢᠨ᠎ᠡ ᠪᠠᠷ ᠰᠣᠯᠢᠬᠤ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠡᠷᠢᠭᠦᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ᠂ ᠲᠣᠭᠠᠴᠢᠯᠠᠯᠳᠠ ᠪᠠᠷ ᠬᠡᠯᠪᠡᠷᠢ ᠪᠠᠨ ᠬᠤᠪᠢᠷᠠᠭᠤᠯᠬᠤ ᠵᠡᠷᠭᠡ ᠠᠵᠢᠯ ᠥᠷᠨᠢᠭᠦᠯᠬᠦ ᠶᠢ ᠠᠬᠢᠭᠤᠯᠵᠤ᠂ ᠠᠵᠤ ᠦᠢᠯᠡᠰ ᠤᠨ ᠣᠶᠤᠨᠴᠢᠯᠠᠬᠤ᠂ ᠳᠡᠭᠡᠳᠦ ᠲᠡᠰᠴᠢᠯᠠᠬᠤ᠂ ᠪᠣᠬᠢᠷᠲᠤᠯ ᠦᠭᠡᠢ ᠪᠣᠯᠭᠠᠬᠤ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号