ᠼᠦᠢ ᠵᠢᠩ ᠶᠢᠩ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠲᠥᠬᠦᠭᠡᠷᠦᠮᠵᠢᠲᠦ ᠲᠠᠷᠢᠶᠠᠯᠠᠩ ᠪᠣᠯᠣᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/18
     4 ᠰᠠᠷ᠎ᠠ ᠶᠢᠨ 16 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠠᠶᠢᠨᠠᠨ ᠲᠣᠭᠤᠷᠢᠭ᠂ ᠤᠳᠠ ᠲᠣᠭᠤᠷᠢᠭ ᠲᠤ ᠬᠦᠷᠴᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠲᠥᠬᠦᠭᠡᠷᠦᠮᠵᠢᠲᠦ ᠲᠠᠷᠢᠶᠠᠯᠠᠩ ᠪᠣᠯᠣᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠳᠡᠳ᠋ ᠳᠠᠷᠤᠭ᠎ᠠ ᠵᠠᠩ ᠮᠢᠩ ᠮᠢᠩ ᠣᠷᠣᠯᠴᠠᠪᠡ᠃      ᠼᠦᠢ ᠵᠢᠩ ᠶᠢᠩ ᠨᠠᠷ ᠬᠠᠶᠢᠨᠠᠨ ᠲᠣᠭᠤᠷᠢᠭ ᠤᠨ ᠭᠠᠭᠴᠠᠮᠤᠲᠤ ᠲᠣᠰᠬᠤᠨ ᠳᠤ ᠬᠦᠷᠴᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠪᠠᠶᠢᠳᠠᠯ ᠢ  ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠬᠡᠯᠡᠭᠰᠡᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ︽ᠮᠢᠩᠭᠠᠨ ᠲᠤᠰᠬᠤᠨ ᠵᠢᠱᠢᠶ᠎ᠡ ᠦᠵᠡᠬᠦᠯᠵᠦ ᠲᠦᠮᠡᠨ ᠲᠤᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠤᠳᠤ ᠦᠶ᠎ᠡ ᠶᠢᠨ ᠡᠵᠡᠩᠨᠡᠯᠲᠡ ᠶᠢᠨ ᠠᠷᠭ᠎ᠠ ᠬᠡᠯᠪᠡᠷᠢ ᠪᠠᠷ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠢ ᠴᠢᠩᠭ᠎ᠠ ᠠᠩᠬᠠᠷᠴᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠪᠠᠨ ᠴᠢᠩᠭᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢᠶᠠᠨ ᠬᠦᠴᠦᠯᠡᠨ ᠨᠥᠬᠦᠪᠦᠷᠢᠯᠡᠵᠦ᠂ ᠲᠠᠷᠢᠶᠠᠨ ᠭᠠᠵᠠᠷ ᠤᠨ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠪᠠᠨ ᠪᠦᠷᠢᠨᠰᠢᠭᠦᠯᠵᠦ᠂ ᠲᠠᠷᠢᠮᠠᠯ ᠤᠨ ᠭᠠᠮᠰᠢᠭ ᠢ ᠰᠡᠷᠭᠡᠶᠢᠯᠡᠨ ᠭᠠᠮᠰᠢᠭ ᠢ ᠡᠰᠡᠷᠭᠦᠴᠡᠬᠦ ᠶᠡᠷᠦᠩᠬᠡᠶᠢᠯᠡᠭᠰᠡᠨ ᠴᠢᠳᠠᠪᠤᠷᠢ ᠪᠠᠨ ᠴᠢᠩᠭᠠᠷᠠᠭᠤᠯᠵᠤ᠂ ᠲᠥᠪᠯᠡᠷᠡᠨ ᠵᠠᠯᠭᠠᠯᠳᠤᠭᠰᠠᠨ ᠪᠥᠭᠡᠳ ᠥᠨᠳᠥᠷ ᠲᠣᠭᠲᠠᠭᠤᠨ ᠬᠤᠷᠢᠶᠠᠯᠲᠠ ᠲᠠᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠬᠤ ᠬᠡᠷᠡᠭᠲᠡᠢ᠃ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠬᠦ ᠶᠢ ᠪᠠᠷᠢᠮᠲᠠᠯᠠᠵᠤ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠦᠵᠡᠯ ᠰᠠᠨᠠᠭ᠎ᠠ ᠣᠶᠢᠯᠠᠭᠠᠭᠳᠠᠬᠤᠨ ᠢ ᠨᠢ ᠬᠤᠪᠢᠷᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ ᠭᠡᠵᠡᠢ᠃      ᠬᠠᠶᠢᠨᠠᠨ ᠲᠣᠭᠤᠷᠢᠭ ᠤᠨ ᠱᠣ᠋ ᠭᠤᠸᠠᠩ ᠲᠣᠰᠬᠤᠨ ᠤ ᠨᠠᠶᠠᠨ ᠵᠢᠷᠭᠤᠭᠠᠨ ᠭᠠᠵᠠᠷ ᠤᠨ ᠥᠨᠳᠥᠷ ᠦᠷ᠎ᠡ ᠠᠰᠢᠭ ᠲᠠᠢ ᠲᠠᠷᠢᠮᠠᠯ ᠤᠨ ᠬᠦᠷᠢᠶᠡᠯᠡᠩ ᠪᠣᠯᠣᠨ ᠤᠳᠠ ᠲᠣᠭᠤᠷᠢᠭ ᠤᠨ ᠵᠢᠢ ᠣᠣ ᠨᠢ ᠠᠷᠢᠬᠢᠨ ᠡᠳ᠋ᠯᠡᠩ ᠳᠤ᠂ ᠼᠦᠢ ᠵᠢᠩ ᠶᠢᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠰᠤᠯᠠ ᠪᠠᠶᠢᠭ᠎ᠠ ᠬᠦᠯᠡᠮᠵᠢ ᠶᠢ ᠠᠮᠢᠯᠠᠭᠤᠯᠤᠭᠰᠠᠨ ᠪᠠ ᠲᠥᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ ᠶᠢᠨ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ ᠳᠠᠭᠠᠭᠤᠯᠵᠤ ᠪᠠᠶᠢᠭᠠᠳ ᠰᠤᠯᠠ ᠪᠠᠶᠢᠭ᠎ᠠ ᠬᠦᠯᠡᠮᠵᠢ ᠶᠢ ᠢᠳᠡᠪᠬᠢᠲᠡᠢ ᠠᠮᠢᠯᠠᠭᠤᠯᠵᠤ᠂ ᠤᠳᠤ ᠦᠶ᠎ᠡ ᠶᠢᠨ ᠲᠥᠬᠦᠭᠡᠷᠦᠮᠵᠢ ᠶᠢᠨ ᠲᠠᠷᠢᠶᠠᠯᠠᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠤᠨ ᠰᠢᠯᠢᠳᠡᠭᠵᠢᠭᠦᠯᠵᠦ᠂ ᠲᠠᠷᠢᠮᠠᠯ ᠤᠨ ᠤᠨᠠᠯᠲᠠ ᠪᠣᠯᠣᠨ ᠲᠠᠷᠢᠶᠠᠯᠠᠩ ᠤᠨ ᠪᠦᠲᠦᠭᠡᠭᠳᠡᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠵᠦ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠤᠳᠠ ᠲᠣᠭᠤᠷᠢᠭ ᠤᠨ ᠽᠧ ᠶᠤᠸᠠᠨ ᠰᠢᠨ᠎ᠡ ᠲᠣᠰᠬᠤᠨ ᠳᠤ᠂ ᠼᠦᠢ ᠵᠢᠩ ᠶᠢᠩ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠢ ᠠᠬᠢᠭᠤᠯᠤᠭᠰᠠᠨ ᠪᠠᠶᠢᠳᠠᠯ ᠢ ᠨᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠲᠠᠷᠢᠶᠠᠯᠠᠩ ᠢᠶᠠᠷ ᠵᠢᠭᠤᠯᠴᠢᠯᠠᠯ ᠢ ᠠᠬᠢᠭᠤᠯᠬᠤ᠂ ᠵᠢᠭᠤᠯᠴᠢᠯᠠᠯ ᠢᠶᠠᠷ ᠲᠠᠷᠢᠶᠠᠯᠠᠩ ᠢ ᠬᠥᠭᠵᠢᠭᠦᠯᠬᠦ᠂ ᠰᠣᠶᠣᠯ ᠵᠢᠭᠤᠯᠴᠢᠯᠠᠯ ᠢ ᠤᠶᠠᠯᠳᠤᠭᠤᠯᠬᠤ ᠠᠵᠢᠯ ᠤᠨ ᠰᠡᠳᠬᠢᠮᠵᠢ ᠶᠣᠰᠣᠭᠠᠷ᠂ ᠣᠲᠣ ᠶᠢᠨ ᠪᠠᠶᠢᠭ᠎ᠠ ᠲᠠᠷᠢᠶᠠᠯᠠᠩ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠰᠠᠭᠤᠷᠢ ᠳᠤ ᠰᠠᠭᠤᠷᠢᠯᠠᠨ᠂ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠪᠠᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠦᠵᠦᠮ ᠤᠨ ᠠᠷᠢᠬᠢᠨ ᠡᠳ᠋ᠯᠡᠩ᠂ ᠬᠡᠭᠡᠷ᠎ᠡ ᠪᠠᠭᠤᠳᠠᠯᠯᠠᠬᠤ ᠰᠠᠭᠤᠷᠢᠨ ᠭᠠᠵᠠᠷ᠂ ᠡᠯᠡᠰᠦ ᠮᠠᠩᠬᠠᠨ ᠴᠢᠭᠢᠭᠯᠢᠭ ᠭᠠᠵᠠᠷ ᠵᠡᠷᠭᠡ ᠲᠠᠢ ᠬᠤᠯᠪᠣᠭᠠᠯᠠᠵᠤ᠂ ᠨᠢᠭᠡ ᠪᠦᠯᠦᠭ ᠠᠮᠢ ᠠᠬᠤᠢ ᠶᠢᠨ ᠬᠥᠳᠡᠭᠡ ᠲᠣᠰᠬᠤᠨ ᠤ ᠵᠢᠭᠤᠯᠴᠢᠯᠠᠯ᠂ ᠡᠴᠢᠭᠡ ᠡᠬᠡ ᠦᠷ᠎ᠡ ᠬᠡᠦᠬᠡᠳ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠠᠮ ᠱᠤᠭᠤᠮ ᠢ ᠤᠬᠠᠭᠠᠯᠠᠨ ᠭᠠᠷᠭᠠᠵᠤ᠂ ᠲᠠᠷᠢᠶᠠᠯᠠᠩ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠳᠡᠢ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号