ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠵᠢᠴᠢ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ 4 ᠳ᠋ᠣᠭᠡᠷ ᠣᠳᠠᠭᠠᠨ ᠤ ᠰᠣᠷᠣᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/18
     4 ᠰᠠᠷ᠎ᠠ ᠶᠢᠨ 16 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠵᠢᠴᠢ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ 4 ᠳ᠋ᠣᠭᠡᠷ ᠣᠳᠠᠭᠠᠨ ᠤ ᠰᠣᠷᠣᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 3 ᠰᠠᠷ᠎ᠠ ᠶᠢᠨ 29 ᠤ ᠡᠳᠦᠷ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠣᠬᠢᠶᠠᠯ᠂ ︽ᠶᠡᠭᠡ ᠨᠠᠮ ᠳᠤ ᠯᠠ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠬᠤᠷᠴᠠ ᠰᠡᠷᠭᠡᠭ ᠪᠥᠭᠡᠳ ᠡᠷᠡᠰ ᠪᠠᠲᠤ ᠪᠠᠶᠢᠬᠤ ᠶᠢ ᠴᠠᠭ ᠢᠮᠠᠭᠲᠠ ᠪᠠᠲᠤᠯᠠᠵᠤ᠂ ᠨᠠᠮ ᠤᠨ ᠠᠭᠤᠤ ᠶᠡᠭᠡ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ︾ ︽ᠠᠷᠠᠳ ᠲᠦᠮᠡᠨ ᠢ ᠡᠷᠬᠡᠪᠰᠢ ᠳᠡᠭᠡᠳᠦᠯᠡᠬᠦ ᠬᠡᠷᠡᠭᠳᠡᠢ︾ ᠬᠡᠬᠦ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠪᠦᠬᠦ ᠨᠠᠮ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠮᠡᠳᠡᠭᠳᠡᠯ︾᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ︽ᠪᠦᠬᠦ ᠣᠷᠣᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠬᠦᠴᠦᠲᠡᠢ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠴᠢᠩᠭ᠎ᠠ ᠠᠳᠬᠤᠵᠤ᠂ ᠡᠴᠦᠰ ᠲᠤᠨᠢ ᠲᠤᠯᠲᠠᠯ᠎ᠠ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠲᠠ ᠵᠡᠷᠭᠡ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠦᠯᠡᠳᠡᠭᠰᠡᠨ ᠠᠰᠠᠭᠤᠳᠠᠯ ᠢᠶᠠᠨ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠴᠢᠨᠠᠷ ᠰᠠᠶᠢᠲᠠᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠬᠤ ᠲᠠᠢ ᠤᠶᠠᠯᠳᠤᠭᠤᠯᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠪᠠᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠢᠬᠤᠯᠠ ᠶᠡᠭᠡ ᠤᠴᠢᠷ ᠶᠠᠪᠤᠳᠠᠯ ᠢ ᠮᠡᠳᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤᠷᠢᠳᠬᠤ ᠪᠠᠭ ᠪᠣᠯᠣᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠪᠠᠨ ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢ ᠪᠠ ᠲᠦᠪᠰᠢᠨ ᠢᠶᠠᠨ ᠦᠨᠡᠨᠬᠦ ᠲᠡᠭᠡᠭᠰᠢᠯᠡᠬᠦᠯᠬᠦ ᠬᠡᠷᠡᠭᠳᠡᠢ᠃ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠶᠢᠰᠦᠨ ᠪᠠᠷ ︵ ᠢᠶᠠᠷ︶︾ ᠤᠨ ᠦᠢᠯᠡᠳᠦᠯᠭᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠡᠷᠡᠰ ᠭᠤᠶᠢᠪᠢᠰᠢ ᠦᠭᠡᠢ ᠠᠬᠢᠭᠤᠯᠵᠤ᠂ ︽ᠢᠯᠵᠢᠷᠠᠬᠤ ᠵᠣᠷᠢᠭ ᠦᠭᠡᠢ᠂ ᠢᠯᠵᠢᠷᠡᠵᠦ ᠴᠢᠳᠠᠬᠤ ᠦᠭᠡᠢ᠂ ᠢᠯᠵᠢᠷᠠᠬᠤ ᠶᠢ ᠪᠤᠳᠤᠬᠤ ᠦᠭᠡᠢ︾ ᠶᠢ ᠨᠢᠭᠡ ᠴᠣᠭᠴᠠᠵᠢᠭᠤᠯᠤᠨ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠵᠥᠪ ᠡᠷᠬᠡ ᠶᠢᠨ ᠦᠵᠡᠯᠲᠡ᠂ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠭᠦᠨᠵᠡᠭᠡᠢ ᠣᠶᠢᠯᠠᠭᠠᠵᠤ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠶᠢᠨ ᠣᠨᠣᠯ ᠤᠨ ᠭᠤᠣᠯ ᠴᠢᠮᠦᠭᠡ ᠪᠣᠯᠣᠨ ᠦᠢᠯᠡᠳᠦᠯᠭᠡ ᠶᠢᠨ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠠᠷᠠᠳ ᠤᠨ ᠲᠥᠯᠥᠭᠡ ᠤᠴᠢᠷ ᠶᠠᠪᠤᠳᠠᠯ ᠪᠦᠲᠦᠭᠡᠬᠦ᠂ ᠠᠷᠠᠳ ᠲᠤ ᠪᠤᠶᠠᠨ ᠦᠢᠯᠡᠳᠬᠦ ᠶᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠡᠭᠦᠰᠬᠡᠯ ᠪᠠ ᠦᠷ᠎ᠡ ᠳ᠋ᠦᠩ ᠪᠣᠯᠭᠠᠵᠤ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠤᠯᠠᠨ ᠲᠦᠮᠡᠨ ᠤ ᠠᠵᠢᠯ ᠣᠯᠭᠤᠯᠲᠠ᠂ ᠡᠮᠴᠢᠯᠡᠭᠡ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠶᠢᠨ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠵᠦ᠂ ︽ᠬᠠᠯᠠᠭᠤᠨ ᠲᠤᠯᠠᠭᠠᠨ ᠢᠨᠵᠧᠨᠧᠷᠢᠩ︾ ︽ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠵᠡᠷᠭᠡ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠤᠯᠠᠨ ᠲᠦᠮᠡᠨ ᠳᠤ ᠬᠤᠪᠢᠷᠠᠯᠲᠠ ᠶᠢ ᠦᠵᠡᠭᠦᠯᠵᠦ᠂ ᠪᠣᠳᠠᠲᠤ ᠠᠰᠢᠭ ᠬᠦᠷᠲᠡᠭᠡᠬᠦ ᠪᠠᠷ ᠴᠢᠷᠮᠠᠶᠢᠬᠤ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠠᠳᠬᠤᠬᠤ ᠶᠢ ᠪᠠᠷᠢᠮᠲᠠᠯᠠᠵᠤ᠂ ᠨᠠᠷᠢᠨ ᠬᠢᠨᠠᠮᠠᠭᠠᠢ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠴᠢᠩᠭ᠎ᠠ ᠠᠴᠠ ᠴᠢᠩᠭ᠎ᠠ ᠱᠠᠭᠠᠷᠳᠠᠯᠭ᠎ᠠ᠂ ᠪᠣᠳᠠᠲᠠᠢ ᠠᠴᠠ ᠪᠣᠳᠠᠲᠠᠢ ᠠᠷᠭ᠎ᠠ ᠬᠡᠮᠵᠢᠶ᠎ᠡ ᠪᠠᠷ ᠰᠤᠷᠤᠯᠴᠠᠯᠭ᠎ᠠ ᠬᠥᠮᠦᠵᠢᠯ ᠢ ᠪᠣᠳᠠᠲᠠᠢ ᠠᠳᠬᠤᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠣᠷᠣᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠶᠢᠯᠠᠬᠤ᠂ ᠰᠠᠬᠢᠯᠭ᠎ᠠ ᠪᠠᠲᠤ ᠶᠢ ᠰᠠᠬᠢᠬᠤ ᠶᠢ ᠬᠥᠮᠥᠵᠢᠭᠦᠯᠦᠨ ᠵᠢᠯᠤᠭᠤᠳᠴᠤ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ᠂ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠵᠡᠷᠭᠡ ᠭᠤᠣᠯᠳᠠᠯᠭ᠎ᠠ ᠲᠠᠢ ᠰᠤᠷᠤᠯᠴᠠᠬᠤ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠬᠤᠪᠢ ᠬᠥᠮᠥᠨ ᠥᠪᠡᠰᠦᠪᠡᠨ ᠰᠤᠷᠤᠯᠴᠠᠬᠤ᠂ ᠲᠥᠪᠯᠡᠷᠡᠭᠦᠯᠦᠨ ᠰᠤᠷᠤᠯᠴᠠᠬᠤ ᠵᠡᠷᠭᠡ ᠠᠷᠭ᠎ᠠ ᠮᠠᠶ᠋ᠢᠭ ᠢ ᠠᠪᠴᠤ᠂ ᠪᠦᠯᠦᠭ ᠳᠠᠷᠠᠭᠠᠯᠠᠨ ᠰᠤᠷᠤᠯᠴᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠰᠤᠷᠤᠯᠴᠠᠵᠤ᠂ ᠰᠤᠳᠤᠯᠤᠨ ᠶᠠᠷᠢᠯᠴᠠᠵᠤ ᠰᠣᠯᠢᠯᠴᠠᠬᠤ ᠶᠢ ᠬᠢᠨᠠᠮᠠᠭᠠᠢ ᠥᠷᠨᠢᠭᠦᠯᠵᠦ᠂ ᠭᠤᠣᠯ ᠵᠣᠷᠢᠯᠲᠠ ᠴᠢᠬᠤᠯᠠ ᠠᠭᠤᠯᠭ᠎ᠠ ᠶᠢ ᠨᠢ ᠣᠨᠣᠪᠴᠢᠲᠠᠶ ᠡᠵᠡᠮᠰᠢᠨ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠰᠡᠳᠬᠢᠯ ᠳᠡᠭᠡᠨ ᠬᠠᠳᠠᠩᠰᠢᠭᠤᠯᠵᠤ᠂ ᠦᠶᠯᠡ ᠠᠵᠢᠯᠯᠠᠭ᠎ᠠ ᠳᠠᠭᠠᠨ ᠰᠢᠩᠭᠡᠭᠡᠬᠦ ᠬᠡᠷᠡᠭᠳᠡᠢ᠃ ︽ᠵᠢᠷᠭᠤᠭᠠᠨ ᠶᠡᠭᠡ ᠰᠠᠬᠢᠯᠭ᠎ᠠ ᠪᠠᠲᠤ︾ ᠶᠢᠨ ᠬᠥᠪᠴᠢ ᠶᠢ ᠴᠠᠭ ᠢᠮᠠᠭᠲᠠ ᠴᠢᠩᠭ᠎ᠠ ᠪᠠᠷᠢᠵᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠴᠢᠩᠭ᠎ᠠ ᠡᠭᠦᠷᠭᠡᠯᠡᠵᠤ᠂ ᠬᠠᠷᠢᠶᠠᠯᠠᠯ ᠢᠶᠠᠨ ᠴᠢᠩᠭ᠎ᠠ ᠬᠠᠮᠢᠶᠠᠷᠴᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠳᠠᠬᠢ ᠰᠡᠷᠡᠮᠵᠢᠯᠡᠭᠦᠯᠬᠦ ᠬᠥᠮᠦᠵᠢᠯ ᠢᠶᠠᠨ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠬᠤᠷᠢᠭ᠎ᠠ ᠱᠤᠭᠤᠮ ᠢ ᠲᠣᠳᠣᠷᠬᠠᠢ ᠪᠣᠯᠭᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠶᠣᠰᠣ ᠳᠦᠷᠢᠮ ᠢ ᠰᠠᠬᠢᠵᠤ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠤᠨ ᠡᠯ᠎ᠡ ᠵᠦᠢᠯ ᠤᠨ ᠦᠢᠯᠡᠰ ᠤᠨ ᠯᠠᠪᠳᠠᠭᠤᠨ ᠢᠶᠠᠷ ᠬᠤᠯᠠ ᠠᠶᠠᠯᠠᠬᠤ ᠶᠢ ᠪᠠᠲᠤᠯᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠶᠢ ᠴᠢᠩᠭ᠎ᠠ ᠠᠩᠬᠠᠷᠴᠤ᠂ ︽ᠵᠢᠷᠭᠤᠭᠠᠨ ᠢᠨᠵᠧᠨᠧᠷᠢᠩ︾ ᠪᠠ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠬᠢᠯᠭ᠎ᠠ ᠪᠠᠲᠤ ᠶᠢᠨ ᠬᠢᠵᠠᠭᠠᠷᠯᠠᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠣᠪᠣᠷ ᠰᠤᠷᠲᠠᠯ ᠤᠨ ᠴᠢᠳᠠᠪᠤᠷᠢ ᠪᠠᠨ ᠳᠡᠭᠡᠭᠰᠢᠯᠡᠭᠦᠯᠦᠨ᠂ ᠠᠵᠢᠯ ᠤᠨ ᠨᠠᠶᠢᠳᠠᠪᠤᠷᠢᠵᠢᠭᠤᠯᠤᠯᠲᠠ ᠪᠠᠨ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠠ ᠭᠤᠣᠯ ᠠᠵᠢᠯ ᠤᠨ ᠭᠦᠨᠵᠡᠭᠡᠢ ᠠᠭᠤᠰᠤᠯᠴᠠᠬᠤ᠂ ᠵᠡᠷᠭᠡ ᠪᠠᠷ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠳᠡᠢ ᠬᠡᠵᠡᠢ᠃      ᠬᠤᠷᠠᠯ ᠠᠴᠠ ᠪᠠᠰᠠ ᠺᠠᠳ᠋ᠷ ᠢ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠪᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号