ᠲᠠᠩ ᠢ ᠳ᠋ᠦᠩ ᠹᠠᠩ ᠰᠢ ᠸᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢᠦ ᠶᠦᠩ ᠰᠢᠩ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/18
     4 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠳ᠋ᠦᠩ ᠹᠠᠩ ᠰᠢ ᠸᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢᠦ ᠶᠦᠩ ᠬᠠᠩ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠰᠠᠨᠠᠯ ᠢᠶᠠᠨ ᠰᠣᠯᠢᠯᠴᠠᠵᠤ ᠵᠥᠪᠳᠡᠯᠴᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ᠂ ᠬᠤᠲᠠ ᠶᠢᠨ ᠤᠳᠤᠷᠢᠳᠤᠯᠭ᠎ᠠ ᠰᠦᠨ ᠬᠤᠸ᠂ ᠯᠢ ᠴᠦᠨ ᠰᠢᠶᠣᠣ᠂ ᠭᠤᠸ ᠪᠥᠸᠧ ᠣᠷᠣᠯᠴᠠᠪᠡ᠃      ᠲᠠᠩ ᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠯᠢᠦ ᠶᠦᠩ ᠰᠢᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠣᠶᠢᠷ᠎ᠠ ᠶᠢᠨ ᠬᠡᠳᠦᠨ ᠵᠢᠯ ᠳᠤ᠂ ᠦᠬᠠᠢ ᠶᠢᠨ ᠬᠥᠭᠵᠢᠯᠲᠡ ᠶᠢᠨ ᠠᠭᠤᠷ ᠠᠮᠢᠰᠬᠤᠯ᠂ ᠬᠥᠭᠵᠢᠯᠲᠡ ᠶᠢᠨ ᠪᠠᠶᠢᠳᠠᠯ᠂ ᠬᠥᠭᠵᠢᠯᠲᠡ ᠶᠢᠨ ᠣᠷᠴᠢᠨ ᠲᠣᠭᠤᠷᠢᠨ ᠤᠯᠠᠮ ᠠᠴᠠ ᠤᠯᠠᠮ ᠰᠠᠶᠢᠵᠢᠷᠠᠵᠤ᠂ ᠤᠯᠤᠰ ᠤᠨ ᠳᠣᠲᠣᠭᠠᠳᠤ ᠶᠢᠨ ᠮᠠᠰᠢ ᠣᠯᠠᠨ ᠨᠡᠷᠡᠲᠦ ᠠᠵᠤ ᠠᠬᠤᠶᠢᠯᠠᠯ ᠢ ᠲᠡᠳᠡᠨ ᠠᠪᠴᠢᠷᠠᠵᠤ ᠪᠡᠯᠡ ᠣᠷᠣᠭᠤᠯᠤᠨ ᠠᠵᠤ ᠦᠢᠯᠡᠰ ᠢ ᠬᠥᠭᠵᠢᠭᠦᠯᠵᠦ᠂ ᠨᠢᠭᠡ ᠪᠦᠯᠦᠭ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠣᠳᠣ ᠶᠠᠭ ᠪᠦᠲᠦᠭᠡᠨ ᠪᠠᠶᠢᠭᠤᠯᠵᠤ ᠪᠠᠶᠢᠭ᠎ᠠ ᠪᠦᠬᠦ ᠪᠥᠮᠪᠥᠷᠴᠡᠭ ᠤᠨ ᠬᠠᠮᠤᠭ ᠤᠨ ᠲᠣᠮᠣ BDO ᠶᠢ ᠨᠢᠭᠡ ᠴᠣᠭᠴᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠨᠢᠭᠡᠨᠲᠡ ᠬᠥᠭᠵᠢᠯᠲᠡ ᠶᠢᠨ ᠬᠠᠨᠳᠤᠰᠢ ᠲᠠᠢ ᠪᠣᠯᠵᠤ᠂ ᠤᠯᠤᠰ ᠤᠨ ᠳᠣᠲᠣᠭᠠᠳᠤ ᠳᠤ ᠴᠢᠬᠤᠯᠠ ᠨᠥᠯᠥᠭᠡᠯᠡᠬᠦ ᠬᠦᠴᠦᠨ᠂ ᠥᠷᠢᠰᠦᠯᠳᠦᠬᠦ ᠬᠦᠴᠦᠨ ᠢ ᠪᠦᠷᠢᠯᠳᠦᠭᠦᠯᠵᠦ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠲᠤᠯ ᠦᠭᠡᠢ ᠡᠨᠧᠷᠭᠢ ᠰᠢᠩᠭᠡᠭᠡᠬᠦ ᠰᠠᠭᠤᠷᠢᠨ ᠭᠠᠵᠠᠷ ᠢ ᠴᠤ ᠲᠦᠷᠭᠡᠳᠬᠡᠨ ᠠᠬᠢᠭᠤᠯᠵᠤ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢ ᠲᠦᠷᠭᠡᠨ ᠬᠤᠪᠢᠷᠠᠭᠤᠯᠵᠤ᠂ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠢ ᠴᠤᠭᠯᠠᠷᠠᠭᠤᠯᠤᠨ ᠪᠥᠭᠡᠮᠨᠡᠷᠡᠭᠦᠯᠵᠦ᠂ ᠰᠠᠶᠢᠨ ᠰᠠᠶᠢᠬᠠᠨ ᠠᠵᠤ ᠦᠢᠯᠡᠰ ᠤᠨ ᠠᠮᠢ ᠠᠬᠤᠢ ᠶᠢ ᠪᠦᠷᠢᠯᠳᠦᠭᠦᠯᠵᠦ᠂ ᠭᠠᠵᠠᠷ ᠣᠷᠣᠨ ᠤ ᠬᠥᠭᠵᠢᠯᠲᠡ ᠶᠢ ᠨᠡᠩ ᠢᠯᠡᠭᠦᠦ ᠠᠮᠢᠵᠢᠷᠠᠯ ᠤᠨ ᠬᠦᠴᠦᠨ ᠲᠠᠢ᠂ ᠨᠡᠩ ᠢᠯᠡᠭᠦᠦ ᠤᠶᠠᠨ ᠬᠠᠳᠠᠨ ᠴᠢᠨᠠᠷ ᠲᠠᠢ᠂ ᠨᠡᠩ ᠢᠯᠡᠭᠦᠦ ᠦᠷᠭᠦᠯᠵᠢᠯᠡᠬᠦ ᠴᠢᠨᠠᠷᠲᠠᠢ ᠪᠣᠯᠭᠠᠵᠠᠢ᠃ ᠪᠢᠳᠡ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠠᠮᠠᠯᠠᠭᠰᠠᠨ ᠶᠠᠪᠤᠳᠠᠯ ᠢᠶᠠᠨ ᠯᠠᠪᠲᠠᠢ ᠪᠦᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ ᠴᠢᠩᠭ᠎ᠠ ᠠᠳᠬᠤᠵᠤ᠂ ᠦᠬᠠᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠲᠠᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠲᠤ ᠶᠢᠨ ᠴᠢᠭᠯᠡᠯ ᠢᠶᠠᠷ ᠬᠦᠴᠦᠯᠡᠵᠦ᠂ ᠬᠠᠮᠲᠤᠷᠠᠯᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠮᠲᠤᠪᠠᠷ ᠲᠦᠷᠭᠡᠳᠭᠡᠨ ᠠᠬᠢᠭᠤᠯᠵᠤ᠂ ᠡᠷᠲᠡᠬᠡᠨ ᠦᠷ᠎ᠡ ᠪᠦᠲᠦᠮᠵᠢ ᠣᠯᠬᠤ ᠶᠢ ᠬᠦᠰᠡᠵᠦ ᠪᠠᠶᠢᠨ᠎ᠠ ᠭᠡᠵᠡᠢ᠃      ᠯᠢᠦ ᠶᠦᠩ ᠰᠢᠩ ᠠᠵᠤ ᠠᠬᠤᠶᠢᠯᠠᠯ ᠤᠨ ᠠᠵᠤ ᠦᠢᠯᠡᠰ ᠤᠨ ᠪᠠᠶᠢᠷᠢᠰᠢᠭᠤᠯᠤᠯᠲᠠ ᠵᠢᠴᠢ ᠬᠥᠭᠵᠢᠯᠲᠡ ᠶᠢᠨ ᠲᠥᠯᠦᠪᠵᠢᠭᠦᠯᠭᠡ ᠪᠠᠨ ᠲᠣᠪᠴᠢ ᠲᠠᠨᠢᠯᠴᠠᠭᠤᠯᠪᠠ᠃ ᠲᠡᠷᠡ ᠢᠯᠡᠷᠭᠡᠶᠢᠯᠡᠭᠰᠡᠨ ᠨᠢ᠂ ᠳ᠋ᠦᠩ ᠹᠠᠩ ᠰᠢ ᠸᠠᠩ ᠪᠦᠯᠦᠭᠯᠡᠯ ᠲᠤᠰ ᠪᠡᠶ᠎ᠡ ᠶᠢᠨ ᠪᠡᠯᠡ ᠮᠥᠩᠭᠦ᠂ ᠮᠡᠷᠭᠡᠵᠢᠯ ᠪᠣᠯᠣᠨ ᠬᠠᠮᠢᠶᠠᠷᠤᠯᠲᠠ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠬᠠᠢ ᠯᠤᠭ᠎ᠠ ᠣᠯᠣᠯᠴᠠᠭ᠎ᠠ ᠪᠠᠨ ᠴᠢᠨᠠᠭᠰᠢᠳᠠ ᠨᠢᠭᠲᠠᠷᠠᠭᠤᠯᠵᠤ᠂ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠡᠷᠭᠡᠵᠢᠯ ᠤᠨ ᠱᠤᠭᠤᠮ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠪᠠᠨ ᠳᠠᠰᠤᠷᠠᠯᠳᠠ ᠦᠭᠡᠢ ᠤᠷᠲᠤᠳᠬᠠᠵᠤ᠂ ᠦᠬᠠᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号