ᠲᠠᠩ ᠢ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠹᠦ᠋ ᠰᠢᠶᠣᠣ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/18
     4 ᠰᠠᠷ᠎ᠠ ᠶᠢᠨ 17 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠪᠠᠩᠬᠢ ᠶᠢᠨ ᠳᠠᠷᠤᠭ᠎ᠠ ᠹᠦ᠋ ᠰᠢᠶᠣᠣ ᠨᠠᠷ ᠲᠠᠢ ᠠᠭᠤᠯᠵᠠᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠣᠣ ᠣᠷᠣᠯᠴᠠᠪᠡ᠃      ᠲᠠᠩ ᠢ ᠹᠦ᠋ ᠰᠢᠶᠣᠣ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠤᠷᠳᠤ ᠬᠤᠭᠤᠴᠠᠭᠠᠨ ᠤ ᠲᠤᠷᠰᠢ ᠦᠬᠠᠢ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ  ᠨᠢ᠂ ᠦᠬᠠᠢ ᠪᠣᠯ ᠰᠢᠨ᠎ᠡ ᠪᠠᠷ ᠮᠠᠨᠳᠤᠭᠰᠠᠨ ᠠᠵᠤ ᠦᠢᠯᠡᠳᠪᠦᠷᠢ ᠶᠢᠨ ᠬᠤᠳᠠ ᠪᠣᠯᠣᠨ᠎ᠠ᠂ ᠡᠨᠧᠷᠭᠢ ᠶᠢᠨ ᠡᠬᠢ ᠪᠠᠶᠠᠯᠢᠭ ᠡᠯᠪᠡᠭ᠂ ᠠᠵᠤ ᠦᠢᠯᠡᠰ ᠤᠨ ᠰᠠᠭᠤᠷᠢ ᠯᠠᠪᠳᠠᠭᠤᠨ᠂ ᠴᠢᠬᠤᠯᠠ ᠡᠯᠧᠮᠧᠨ᠋ᠲ ᠤᠨ ᠪᠠᠲᠤᠯᠠᠭ᠎ᠠ ᠭᠦᠢᠴᠡᠳ᠂ ᠨᠢᠭᠡ ᠪᠦᠯᠦᠭ ᠣᠷᠣᠨ ᠪᠦᠰᠡ ᠶᠢᠨ ᠣᠨᠴᠠᠯᠢᠭᠲᠤ ᠠᠵᠤ ᠦᠢᠯᠡᠰ ᠤᠨ ᠪᠦᠯᠦᠭᠯᠡᠯ ᠲᠠᠢ ᠪᠠᠶᠢᠵᠤ᠂ ᠥᠷᠢᠰᠦᠯᠳᠦᠭᠡᠨ ᠤ ᠳᠠᠪᠠᠭᠤᠯᠢᠭ ᠮᠡᠳᠡᠭᠳᠡᠮ᠎ᠡ ᠪᠠᠶᠢᠨ᠎ᠠ᠃ ᠣᠶᠢᠷ᠎ᠠ ᠶᠢᠨ ᠬᠡᠳᠦᠨ ᠵᠢᠯ ᠳᠤ᠂ ᠦᠬᠠᠢ ᠬᠤᠲᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠳᠤ ᠰᠠᠭᠤᠷᠢᠯᠠᠨ ᠣᠶᠤᠨᠴᠢᠯᠠᠬᠤ᠂ ᠳᠡᠭᠡᠳᠦ ᠳᠡᠰ ᠤᠨ ᠪᠣᠯᠭᠠᠬᠤ᠂ ᠪᠣᠬᠢᠷᠲᠤᠯ ᠦᠭᠡᠢ ᠪᠣᠯᠭᠠᠬᠤ ᠬᠥᠭᠵᠢᠯᠲᠡ ᠶᠢᠨ ᠬᠠᠨᠳᠤᠰᠢ ᠶᠢ ᠰᠠᠯᠤᠯ ᠦᠭᠡᠢ ᠳᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠠᠰ ᠳᠡᠪᠰᠢᠬᠦ ᠪᠠ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠬᠤᠶᠠᠷ ᠶᠡᠭᠡ ᠠᠵᠤ ᠦᠢᠯᠡᠰ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ᠂ ᠠᠵᠤ ᠦᠢᠯᠡᠰ ᠢ ᠠᠯᠬᠤᠮ ᠠᠯᠬᠤᠮ ᠢᠶᠠᠷ ᠡᠬᠢ ᠪᠠᠶᠠᠯᠢᠭ ᠤᠨ ᠬᠡᠯᠪᠡᠷᠢ ᠲᠠᠢ ᠪᠠᠶᠢᠭᠰᠠᠨ ᠠᠴᠠ ᠦᠢᠯᠡᠳᠬᠦ ᠬᠡᠯᠪᠡᠷᠢ ᠳᠠᠰᠢ ᠬᠤᠪᠢᠷᠠᠭᠤᠯᠬᠤ᠂ ᠦᠢᠯᠡᠳᠬᠦᠨ ᠢ ᠠᠩᠬ᠎ᠠ ᠵᠡᠷᠭᠡ ᠶᠢᠨ ᠲᠦᠭᠦᠬᠡᠢ ᠮᠠᠲ᠋ᠧᠷᠢᠶᠠᠯ ᠠᠴᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠮᠠᠲ᠋ᠧᠷᠢᠶᠠᠯ ᠳᠠᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠠᠯ᠎ᠠ ᠪᠠᠷ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠮᠥᠩᠭᠦᠨ ᠭᠦᠢᠯᠭᠡᠭᠡ ᠪᠣᠯ ᠪᠣᠳᠠᠲᠤ ᠴᠣᠭᠴᠠ ᠶᠢᠨ ᠠᠵᠤ ᠠᠬᠤᠢ ᠶᠢᠨ ᠠᠮᠢᠨ ᠰᠤᠳᠠᠰᠤ ᠮᠥᠨ᠂ ᠦᠬᠠᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠤᠭ᠎ᠠ ᠬᠡᠮᠵᠢᠶ᠎ᠡ ᠤᠯᠠᠨ᠂ ᠪᠡᠯᠡ ᠮᠥᠩᠭᠦ ᠴᠤᠭᠯᠠᠭᠤᠯᠬᠤ ᠬᠡᠷᠡᠭᠴᠡᠭᠡ ᠶᠡᠬᠡᠲᠡᠢ᠂ ᠠᠵᠤ ᠠᠬᠤᠶᠢᠯᠠᠯ ᠬᠥᠭᠵᠢᠨ ᠪᠤᠵᠠᠭᠠᠶᠢᠷᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠳᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠦᠴᠦᠲᠡᠢ ᠳᠡᠮᠵᠢᠯᠭᠡ ᠪᠠ ᠭᠦᠨᠵᠡᠭᠡᠢ ᠣᠷᠤᠯᠴᠠᠯᠭ᠎ᠠ ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠦᠬᠠᠢ ᠬᠤᠳᠠ ᠯᠤᠭ᠎ᠠ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠯᠴᠠᠭ᠎ᠠ ᠪᠠᠨ ᠪᠠᠲᠤᠯᠠᠭᠰᠠᠭᠠᠷ ᠢᠷᠡᠭᠰᠡᠨ ᠶᠤᠮ᠂ ᠥᠩᠭᠡᠷᠡᠭᠰᠡᠨ ᠲᠠᠢ ᠪᠠᠨ ᠠᠳᠠᠯᠢ ᠪᠠᠷ ᠦᠬᠠᠢ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠴᠢᠨᠠᠷ ᠴᠢᠨᠰᠠᠭ᠎ᠠ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠬᠠᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠮᠥᠩᠭᠦᠨ ᠭᠦᠢᠯᠭᠡᠭᠡᠨ ᠤ ᠲᠤᠯᠭᠠᠭᠤᠷᠢᠯᠠᠯ ᠬᠠᠩᠭᠠᠬᠤ ᠶᠢ ᠬᠦᠰᠡᠵᠦ ᠪᠠᠶᠢᠨ᠎ᠠ ᠭᠡᠵᠡᠢ᠃      ᠹᠦ᠋ ᠰᠢᠶᠣᠣ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠵᠢᠴᠢ ᠦᠬᠠᠢ ᠶᠢᠨ ᠬᠤᠪᠢᠶᠠᠷᠢ ᠪᠠᠩᠬᠢ ᠶᠢᠨ ᠦᠨᠳᠦᠰᠦᠨ ᠪᠠᠶᠢᠳᠠᠯ ᠢᠶᠠᠨ ᠲᠣᠪᠴᠢ ᠲᠠᠨᠢᠯᠴᠠᠭᠤᠯᠵᠤ᠂ ᠦᠬᠠᠢ ᠶᠢᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠤᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠦᠬᠠᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠷᠬᠡᠶᠢᠯᠡᠪᠡ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号