ᠰᠢ ᠶᠢᠨ ᠫᠢᠩ ᠭᠧᠷᠮᠠᠨ ᠤ ᠶᠡᠷᠦᠩᠬᠡᠢ ᠰᠠᠶᠢᠳ ᠱᠦᠸᠧᠷᠼᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/18
     ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 16 ᠤ ᠴᠠᠭᠢᠯᠭᠠᠨ ᠮᠡᠳᠡᠭᠡ 4 ᠰᠠᠷ᠎ᠠ ᠶᠢᠨ 16 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠭᠧᠷᠮᠠᠨ ᠤ ᠶᠡᠷᠦᠩᠬᠡᠢ ᠰᠠᠶᠢᠳ ᠱᠦᠸᠧᠷᠼᠢ ᠲᠠᠢ ᠠᠭᠤᠯᠵᠠᠪᠠ᠃

     4 ᠰᠠᠷ᠎ᠠ ᠶᠢᠨ 16 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ

ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠭᠧᠷᠮᠠᠨ ᠤ ᠶᠡᠷᠦᠩᠬᠡᠢ ᠰᠠᠶᠢᠳ ᠱᠦᠸᠧᠷᠼᠢ ᠲᠠᠢ ᠠᠭᠤᠯᠵᠠᠪᠠ

     ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ

     ᠰᠢ ᠶᠢᠨ ᠫᠢᠩ᠂ ᠡᠨᠡ ᠵᠢᠯ ᠪᠣᠯ ᠳᠤᠮᠳᠠᠳᠤ ᠭᠧᠷᠮᠠᠨ ᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ

ᠬᠠᠷᠢᠯᠴᠠᠭ᠎ᠠ ᠪᠠᠶᠢᠭᠤᠯᠤᠭᠰᠠᠨ 10 ᠵᠢᠯ ᠤᠨ ᠤᠢ ᠪᠣᠯᠣᠨ᠎ᠠ᠃ 10 ᠵᠢᠯ ᠤᠨ ᠲᠤᠷᠰᠢ ᠬᠡᠳᠦ᠋ᠢᠪᠡᠷ ᠳᠡᠯᠡᠬᠡᠢ ᠶᠢᠨ ᠪᠠᠶᠢᠳᠠᠯ ᠳᠤ

ᠮᠠᠰᠢ ᠶᠡᠭᠡ ᠬᠤᠪᠢᠷᠠᠯᠲᠠ ᠭᠠᠷᠤᠭᠰᠠᠨ ᠪᠤᠯᠪᠠᠴᠤ ᠳᠤᠮᠳᠠᠳᠤ ᠭᠧᠷᠮᠠᠨ ᠤ ᠬᠠᠷᠢᠯᠴᠠᠭ᠎ᠠ ᠢᠮᠠᠭᠲᠠ ᠲᠣᠭᠲᠠᠪᠤᠷᠢᠲᠠᠢ ᠬᠥᠭᠵᠢᠵᠦ᠂

ᠡᠯ᠎ᠡ ᠬᠦᠷᠢᠶᠡᠨ ᠤ ᠬᠠᠮᠲᠤᠷᠠᠯᠴᠠᠭ᠎ᠠ ᠲᠠᠰᠤᠷᠠᠯᠳᠡ ᠦᠭᠡᠢ ᠪᠠᠬᠢᠵᠢᠨ ᠭᠦᠨᠵᠡᠭᠡᠶᠢᠷᠡᠵᠦ᠂ ᠬᠤᠶᠠᠷ ᠤᠯᠤᠰ ᠤᠨ ᠲᠤᠰ ᠲᠤᠰ ᠤᠨ

ᠬᠥᠭᠵᠢᠯᠲᠡ ᠳᠤ ᠬᠥᠳᠡᠯᠭᠡᠬᠦ ᠬᠦᠴᠦᠨ ᠬᠠᠩᠭᠠᠪᠠ᠃ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ

ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠨ ᠠᠬᠢᠵᠤ᠂ ᠬᠥᠮᠥᠨ ᠲᠥᠷᠥᠯᠬᠢᠲᠡᠨ ᠤ ᠨᠡᠶᠢᠭᠡᠮ ᠳᠤ ᠲᠤᠯᠭᠠᠷᠠᠵᠤ

ᠪᠠᠶᠢᠭ᠎ᠠ ᠠᠶᠤᠯ ᠲᠦᠭᠰᠢᠭᠦᠷᠢ ᠥᠷᠢᠰᠦᠯᠳᠦᠭᠡᠨ ᠣᠯᠠᠰᠢᠷᠠᠵᠤ ᠪᠠᠶᠢᠨ᠎ᠠ᠂ ᠡᠳᠡᠭᠡᠷ ᠠᠰᠠᠭᠤᠳᠠᠯ ᠢ ᠰᠢᠢᠳᠪᠦᠷᠢᠯᠡᠬᠦ ᠳᠤ ᠲᠣᠮᠣ

ᠤᠯᠤᠰ ᠤᠨ ᠬᠠᠮᠲᠤᠷᠠᠯᠴᠠᠭ᠎ᠠ ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠭᠧᠷᠮᠠᠨ ᠪᠣᠯ ᠳᠡᠯᠡᠬᠡᠢ ᠶᠢᠨ ᠬᠤᠶᠠᠳᠤᠭᠠᠷ᠂

ᠭᠤᠷᠪᠠᠳᠤᠭᠠᠷ ᠶᠡᠭᠡ ᠠᠵᠤ ᠠᠬᠤᠢ ᠶᠢᠨ ᠴᠣᠭᠴᠠ ᠪᠣᠯᠣᠨ᠎ᠠ᠂ ᠳᠤᠮᠳᠠᠳᠤ ᠭᠧᠷᠮᠠᠨ ᠤ ᠬᠠᠷᠢᠯᠴᠠᠭ᠎ᠠ ᠶᠢ ᠪᠠᠬᠢᠵᠢᠭᠦᠯᠦᠨ

ᠬᠥᠭᠵᠢᠭᠦᠯᠬᠦ ᠶᠢᠨ ᠠᠴᠢ ᠬᠤᠯᠪᠣᠭᠳᠠᠯ ᠨᠢ ᠬᠤᠶᠠᠷ ᠲᠠᠯ᠎ᠠ ᠶᠢᠨ ᠬᠠᠷᠢᠯᠴᠠᠭᠠᠨ ᠤ ᠬᠦᠷᠢᠶ᠎ᠡ ᠬᠡᠪᠴᠢᠶᠡᠨ ᠠᠴᠠ ᠳᠠᠪᠠᠵᠤ᠂

ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠴᠢᠨᠠᠭᠰᠢᠯᠠᠪᠠᠯ ᠪᠦᠭᠦ ᠳᠡᠯᠡᠬᠡᠢ ᠳᠤ ᠴᠥᠮ ᠴᠢᠬᠤᠯᠠ ᠨᠥᠯᠥᠭᠡ ᠲᠠᠢ ᠶᠤᠮ᠃

ᠬᠤᠶᠠᠷ ᠤᠯᠤᠰ ᠢᠶᠠᠷ ᠢᠶᠠᠨ ᠠᠯᠤᠰ ᠭᠡᠳᠦ ᠶᠢᠨ ᠪᠠ ᠪᠠᠶᠢᠯᠳᠤᠬᠤ ᠪᠣᠳᠣᠯᠭ᠎ᠠ ᠶᠢᠨ ᠬᠠᠷᠠᠭᠠᠰᠤ ᠠᠴᠠ ᠬᠤᠶᠠᠷ ᠲᠠᠯ᠎ᠠ ᠶᠢᠨ

ᠬᠠᠷᠢᠯᠴᠠᠭ᠎ᠠ ᠳᠤ ᠬᠠᠨᠳᠤᠬᠤ ᠪᠠ ᠡᠭᠦᠨ ᠢ ᠬᠥᠭᠵᠢᠭᠦᠯᠵᠦ᠂ ᠭᠠᠷ ᠬᠤᠯᠪᠣᠨ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠭᠤᠨ

ᠴᠢᠨᠠᠷ ᠪᠠ ᠲᠣᠬᠳᠠᠭᠠᠯᠳᠤ ᠴᠢᠨᠠᠷ ᠨᠡᠮᠡᠷᠢᠯᠡᠶ᠎ᠡ ᠭᠡᠵᠦ ᠵᠢᠭᠠᠵᠤ ᠭᠠᠷᠭᠠᠪᠠ᠃

     ᠰᠢ ᠶᠢᠨ ᠫᠢᠩ᠂ ᠳᠤᠮᠳᠠᠳᠤ ᠭᠧᠷᠮᠠᠨ ᠬᠤᠶᠠᠷ ᠤᠯᠤᠰ ᠴᠥᠮ ᠬᠥᠮᠥᠨ ᠲᠥᠷᠥᠯᠬᠢᠲᠡᠨ ᠤ ᠪᠣᠯᠪᠠᠰᠤᠨ ᠤ

ᠲᠠᠪᠰᠢᠯᠳᠠ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠵᠦ ᠥᠩᠭᠡᠷᠡᠭᠰᠡᠨ ᠶᠤᠮ᠃ ᠳᠤᠮᠳᠠᠳᠤ ᠭᠧᠷᠮᠠᠨ ᠤ ᠬᠤᠭᠤᠷᠣᠨᠳᠤ

ᠦᠨᠳᠦᠰᠦᠨ ᠠᠰᠢᠭ ᠲᠤᠰᠠ ᠶᠢᠨ ᠮᠥᠷᠭᠦᠯᠳᠦᠭᠡᠨ ᠪᠠᠶᠢᠬᠤ ᠦᠭᠡᠢ᠂ ᠬᠠᠷᠢᠯᠴᠠᠨ ᠠᠮᠤᠷ ᠲᠦᠪᠰᠢᠨ ᠤ ᠰᠦᠷᠳᠡᠭᠦᠯᠦᠯ ᠪᠤᠯᠬᠤ

ᠦᠭᠡᠢ ᠶᠤᠮ᠃ ᠳᠤᠮᠳᠠᠳᠤ ᠭᠧᠷᠮᠠᠨ ᠤ ᠬᠠᠮᠲᠤᠷᠠᠯᠴᠠᠭ᠎ᠠ ᠬᠤᠶᠠᠷ ᠲᠠᠯ᠎ᠠ ᠳᠤ ᠠᠰᠢᠭᠲᠠᠢ᠂ ᠳᠡᠯᠡᠬᠡᠢ ᠳᠤ ᠠᠰᠢᠭᠲᠠᠢ ᠶᠤᠮ᠃

ᠳᠡᠯᠡᠬᠡᠢ ᠶᠢᠷᠲᠢᠨᠴᠦ ᠬᠡᠳᠦᠢ ᠣᠷᠤᠭ᠎ᠠ ᠪᠤᠰᠬᠠᠭ᠎ᠠ ᠪᠤᠯᠬᠤ ᠳᠤᠳᠤᠮ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ

ᠬᠠᠷᠢᠯᠴᠠᠭᠠᠨ ᠤ ᠤᠶᠠᠨ ᠬᠠᠳᠠᠨ ᠴᠢᠨᠠᠷ ᠪᠣᠯᠣᠨ ᠠᠮᠢᠵᠢᠷᠠᠯ ᠤᠨ ᠬᠦᠴᠦᠨ ᠢᠶᠠᠨ ᠲᠡᠳᠦᠢ ᠳᠡᠭᠡᠭᠰᠢᠯᠡᠭᠦᠯᠵᠦ᠂ ᠳᠤᠮᠳᠠᠳᠤ

ᠭᠧᠷᠮᠠᠨ ᠤ ᠬᠠᠷᠢᠯᠴᠠᠭ᠎ᠠ ᠶᠢᠨ ᠬᠠᠮᠲᠤᠷᠠᠯᠴᠠᠭᠠᠨ ᠤ ᠭᠤᠣᠯ ᠭᠦᠭ ᠠᠶᠠᠰ ᠪᠣᠯᠣᠨ ᠬᠥᠭᠵᠢᠯᠲᠡ ᠶᠢᠨ ᠶᠡᠭᠡ ᠴᠢᠭᠯᠡᠯ ᠢ

ᠪᠠᠷᠢᠮᠲᠠᠯᠠᠵᠤ᠂ ᠳᠤᠮᠳᠠᠳᠤ ᠭᠧᠷᠮᠠᠨ ᠪᠣᠯ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠤᠯᠬᠤ ᠡᠨᠡ ᠬᠦ ᠪᠠᠶᠢᠷᠢ

ᠲᠣᠭᠲᠠᠭᠠᠯᠲᠠ ᠶᠢ ᠪᠠᠲᠤ ᠡᠵᠡᠮᠳᠡᠶ᠎ᠡ᠃ ᠳᠤᠮᠳᠠᠳᠤ ᠤᠯᠤᠰ ᠤᠨ ᠭᠧᠷᠮᠠᠨ ᠳᠤ ᠬᠠᠨᠳᠤᠭᠤᠯᠬᠤ ᠲᠥᠷᠥ ᠶᠢᠨ ᠪᠣᠳᠣᠯᠭ᠎ᠠ ᠪᠠᠨ

ᠳᠡᠭᠡᠳᠦ ᠬᠡᠮᠵᠢᠶᠡᠨ ᠤ ᠲᠣᠭᠲᠠᠭᠤᠨ ᠴᠢᠨᠠᠷ ᠪᠠ ᠠᠪᠴᠠᠯᠳᠤᠩᠭᠤᠢ ᠴᠢᠨᠠᠷ ᠲᠠᠢ ᠪᠠᠶᠢᠬᠤ ᠶᠢ ᠪᠠᠲᠤᠯᠠᠵᠤ ᠪᠠᠶᠢᠨ᠎ᠠ᠃ ᠬᠤᠶᠠᠷ

ᠲᠠᠯ᠎ᠠ ᠪᠠᠷ ᠢᠶᠠᠨ ᠦᠷᠭᠦᠯᠵᠢᠯᠡᠨ ᠨᠡᠭᠡᠭᠡᠯᠲᠡ ᠲᠠᠢ ᠪᠠᠷ ᠶᠠᠪᠤᠯᠴᠠᠭ᠎ᠠ ᠪᠠᠨ ᠨᠢᠭᠲᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ

ᠢᠲᠡᠭᠡᠯᠴᠡᠭᠡ ᠪᠠᠨ ᠨᠡᠮᠡᠭᠳᠡᠭᠦᠯᠪᠡᠯ ᠵᠣᠬᠢᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠠᠳᠠᠯᠢ ᠲᠠᠯ᠎ᠠ ᠪᠠᠨ

ᠡᠷᠢᠵᠦ ᠵᠥᠷᠢᠶ᠎ᠡ ᠲᠠᠢ ᠲᠠᠯ᠎ᠠ ᠪᠠᠨ ᠦᠯᠡᠳᠡᠭᠡᠬᠦ᠂ ᠰᠠᠨᠠᠯ ᠢᠶᠠᠨ ᠰᠣᠯᠢᠯᠴᠠᠨ ᠬᠠᠷᠢᠯᠴᠠᠨ ᠲᠣᠯᠢ ᠪᠤᠯᠭᠠᠬᠤ᠂ ᠬᠠᠮᠲᠤᠷᠠᠯᠴᠠᠵᠤ

ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠳᠠᠭ ᠯᠠ ᠶᠤᠮ ᠪᠣᠯ ᠬᠤᠶᠠᠷ ᠤᠯᠤᠰ ᠤᠨ ᠬᠠᠷᠢᠯᠴᠠᠭ᠎ᠠ ᠯᠠᠪᠲᠠᠢ ᠦᠷᠭᠦᠯᠵᠢᠯᠡᠨ

ᠯᠠᠪᠳᠠᠭᠤᠨ ᠬᠤᠯᠠ ᠶᠠᠪᠤᠵᠤ ᠴᠢᠳᠠᠨ᠎ᠠ ᠭᠡᠵᠦ ᠴᠢᠬᠤᠯᠠᠴᠢᠯᠠᠵᠠᠢ᠃

     ᠰᠢ ᠶᠢᠨ ᠫᠢᠩ᠂ ᠳᠤᠮᠳᠠᠳᠤ ᠭᠧᠷᠮᠠᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠭᠦᠨᠵᠡᠭᠡᠢ

ᠠᠭᠤᠰᠤᠯᠴᠠᠵᠤ᠂ ᠬᠤᠶᠠᠷ ᠤᠯᠤᠰ ᠤᠨ ᠵᠠᠬ᠎ᠠ ᠳᠡᠯᠭᠡᠭᠦᠷ ᠳᠡᠭᠡᠳᠦ ᠬᠡᠮᠵᠢᠶ᠎ᠡ ᠪᠠᠷ ᠲᠦᠰᠢᠯᠴᠡᠨ ᠣᠷᠣᠰᠢᠵᠤ ᠪᠠᠶᠢᠨ᠎ᠠ᠃

ᠳᠤᠮᠳᠠᠳᠤ ᠭᠧᠷᠮᠠᠨ ᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠨᠢ ︽ᠠᠶᠤᠯ ᠲᠦᠭᠰᠢᠭᠦᠷᠢ︾ ᠲᠠᠢ ᠪᠢᠰᠢ᠂ ᠬᠠᠷᠢᠨ ᠬᠤᠶᠠᠷ

ᠲᠠᠯ᠎ᠠ ᠶᠢᠨ ᠬᠠᠷᠢᠯᠴᠠᠭ᠎ᠠ ᠲᠣᠭᠲᠠᠪᠤᠷᠢᠲᠠᠢ ᠪᠠᠶᠢᠬᠤ ᠶᠢᠨ ᠪᠠᠲᠤᠯᠠᠭ᠎ᠠ᠂ ᠢᠷᠡᠭᠡᠳᠦᠢ ᠶᠢ ᠨᠡᠭᠡᠭᠡᠬᠦ ᠠᠵᠠ ᠲᠣᠭᠢᠶᠠᠯ ᠪᠣᠯᠣᠨ᠎ᠠ᠃

ᠮᠠᠰᠢᠨ ᠮᠧᠬᠠᠨᠢᠭ ᠦᠢᠯᠡᠳᠬᠦ᠂ ᠮᠠᠰᠢᠨ ᠲᠡᠷᠭᠡ ᠵᠡᠷᠭᠡ ᠤᠯᠠᠮᠵᠢᠯᠠᠯᠲᠤ ᠬᠦᠷᠢᠶ᠎ᠡ ᠴᠦ ᠲᠡᠷᠡ᠂ ᠪᠣᠬᠢᠷᠳᠤᠯ ᠦᠭᠡᠢ ᠲᠡᠶᠢᠰᠢ

ᠭᠡᠯᠪᠡᠷᠢ ᠪᠠᠨ ᠬᠤᠪᠢᠷᠠᠭᠤᠯᠬᠤ᠂ ᠲᠣᠭᠠᠴᠢᠯᠠᠯᠳᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶ᠎ᠡ

ᠴᠦ ᠲᠡᠷᠡ᠂ ᠬᠤᠶᠠᠷ ᠤᠯᠤᠰ ᠴᠥᠮ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠯᠤᠲᠤ ᠶᠡᠭᠡ ᠲᠠᠯᠳᠠ ᠬᠦᠴᠦᠨ ᠢ

ᠠᠭᠤᠳᠠᠯᠵᠤ ᠪᠣᠯᠣᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠢᠯᠡ ᠲᠣᠳᠣ

ᠣᠨᠴᠠᠯᠢᠭ ᠢ ᠪᠠᠳᠠᠷᠠᠭᠤᠯᠵᠤ᠂ ᠬᠠᠷᠢᠯᠴᠠᠨ ᠲᠦᠰᠢᠯᠴᠡᠨ ᠠᠮᠵᠢᠯᠲᠠ ᠣᠯᠪᠠᠯ ᠵᠣᠬᠢᠨ᠎ᠠ᠃ ᠳᠤᠮᠳᠠᠳᠤ ᠤᠯᠤᠰ ᠴᠠᠭᠢᠯᠭᠠᠨ

ᠭᠦᠳᠡᠯᠭᠡᠭᠦᠷᠲᠦ ᠮᠠᠰᠢᠨ ᠲᠡᠷᠭᠡ᠂ ᠯᠢᠲ᠋ᠢ ᠳ᠋ᠢᠶᠠᠨ ᡂᠢ᠂ ᠭᠡᠷᠡᠯᠴᠢ ᠴᠡᠨᠡᠭ ᠤᠨ ᠦᠢᠯᠡᠳᠬᠦᠨ ᠵᠡᠷᠭᠡ ᠶᠢ ᠭᠠᠳᠠᠭᠠᠳᠤ ᠳᠤ

ᠭᠠᠷᠭᠠᠭᠰᠠᠨ ᠨᠢ ᠪᠦᠭᠦ ᠪᠥᠮᠪᠥᠷᠴᠡᠭ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠪᠦᠭᠦ ᠪᠥᠮᠪᠥᠷᠴᠡᠭ ᠤᠨ ᠵᠣᠭᠤᠰ ᠮᠠᠭᠤᠳᠠᠬᠤ

ᠳᠠᠷᠤᠯᠲᠠ ᠶᠢ ᠨᠠᠮᠳᠠᠭᠤᠯᠤᠭᠰᠠᠨ ᠢᠶᠠᠷ ᠪᠠᠷᠠᠬᠤ ᠦᠭᠡᠢ᠂ ᠪᠠᠰᠠ ᠪᠦᠭᠦ ᠪᠥᠮᠪᠥᠷᠴᠡᠭ ᠤᠨ ᠠᠭᠤᠷ ᠠᠮᠢᠰᠬᠤᠯ ᠤᠨ

ᠬᠤᠪᠢᠷᠠᠯᠲᠠ ᠶᠢ ᠠᠷᠭᠠᠴᠠᠭᠠᠬᠤ ᠪᠠ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢ ᠲᠡᠶᠢᠰᠢ ᠭᠡᠯᠪᠡᠷᠢ ᠪᠠᠨ

ᠬᠤᠪᠢᠷᠠᠭᠤᠯᠬᠤ ᠳᠤ ᠯᠤᠲᠤ ᠶᠡᠭᠡ ᠬᠤᠪᠢ ᠨᠡᠮᠡᠷᠢ ᠦᠵᠡᠭᠦᠯᠵᠦ ᠪᠠᠶᠢᠨ᠎ᠠ᠃ ᠳᠤᠮᠳᠠᠳᠤ ᠭᠧᠷᠮᠠᠨ ᠬᠤᠶᠠᠷ ᠤᠯᠤᠰ ᠴᠥᠮ ᠠᠵᠤ

ᠦᠢᠯᠡᠰ ᠢᠶᠠᠷ ᠤᠯᠤᠰ ᠢᠶᠠᠨ ᠪᠠᠶᠢᠭᠤᠯᠵᠤ᠂ ᠴᠥᠮ ᠴᠢᠯᠦᠭᠡᠲᠦ ᠠᠷᠠᠯᠵᠢᠶ᠎ᠠ ᠪᠣᠯᠣᠨ ᠠᠵᠤ ᠠᠬᠤᠢ ᠶᠢᠨ ᠳᠡᠯᠡᠬᠡᠶᠢᠵᠢᠯᠲᠡ ᠶᠢ

ᠳᠡᠮᠵᠢᠳᠡᠭ᠃ ᠬᠤᠶᠠᠷ ᠲᠠᠯ᠎ᠠ ᠪᠠᠷ ᠢᠶᠠᠨ ᠬᠠᠮᠠᠭᠠᠯᠠᠬᠤ ᠦᠵᠡᠯ ᠲᠣᠯᠣᠭᠠᠢ ᠥᠨᠳᠡᠶᠢᠬᠦ ᠶᠢ ᠰᠡᠷᠡᠮᠵᠢᠯᠡᠵᠦ᠂ ᠵᠠᠬ᠎ᠠ ᠳᠡᠯᠭᠡᠭᠦᠷ ᠤᠨ

ᠬᠠᠷᠠᠴᠠ ᠪᠣᠯᠣᠨ ᠪᠦᠭᠦ ᠪᠥᠮᠪᠥᠷᠴᠡᠭ ᠤᠨ ᠬᠠᠷᠠᠭᠠᠰᠤ᠂ ᠠᠵᠤ ᠠᠬᠤᠢ ᠶᠢᠨ ᠵᠢᠮ᠎ᠡ ᠶᠣᠰᠣ ᠠᠴᠠ ᠡᠭᠦᠰᠬᠦ ᠶᠢ ᠪᠠᠷᠢᠮᠲᠠᠯᠠᠵᠤ᠂

ᠦᠢᠯᠡᠳᠪᠦᠷᠢᠯᠡᠯ ᠤᠨ ᠴᠢᠳᠠᠪᠤᠷᠢ ᠶᠢᠨ ᠠᠰᠠᠭᠤᠳᠠᠯ ᠳᠤ ᠪᠤᠰᠤᠳᠴᠢ᠂ ᠬᠤᠪᠢᠰᠤᠩᠭᠤᠢ ᠪᠠᠷ ᠬᠠᠨᠳᠤᠵᠤ᠂ ᠬᠠᠮᠲᠤᠷᠠᠯᠴᠠᠭ᠎ᠠ ᠶᠢ

ᠢᠯᠡᠭᠦᠬᠡᠨ ᠰᠦᠪᠡᠭᠴᠢᠯᠡᠶ᠎ᠡ᠃ ᠳᠤᠮᠳᠠᠳᠤ ᠤᠯᠤᠰ ᠭᠠᠳᠠᠭᠠᠳᠤ ᠨᠡᠭᠡᠭᠡᠯᠲᠡ ᠬᠢᠬᠦ ᠤᠯᠤᠰ ᠤᠨ ᠦᠨᠳᠦᠰᠦᠨ ᠪᠣᠳᠣᠯᠭ᠎ᠠ ᠶᠢ

ᠪᠠᠷᠢᠮᠲᠠᠯᠠᠨ᠎ᠠ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠭᠧᠷᠮᠠᠨ ᠳᠤ ᠬᠦᠷᠴᠦ ᠬᠥᠭᠵᠢᠬᠦ ᠳᠤ ᠡᠷᠬᠡ ᠲᠡᠭᠰᠢ᠂ ᠢᠯᠡ

ᠲᠣᠳᠣ᠂ ᠨᠡᠭᠡᠭᠡᠯᠲᠡᠲᠤ᠂ ᠭᠠᠳᠠᠭᠤᠷᠴᠢᠯᠠᠯ ᠦᠭᠡᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠬᠤ ᠶᠢ

ᠭᠧᠷᠮᠠᠨ ᠤ ᠬᠢᠨ ᠳᠤ ᠬᠦᠰᠡᠵᠦ ᠪᠠᠶᠢᠨ᠎ᠠ᠃ ᠳᠤᠮᠳᠠᠳᠤ ᠭᠧᠷᠮᠠᠨ ᠳᠡᠯᠡᠬᠡᠢ ᠶᠢᠨ ᠣᠯᠠᠨ ᠲᠦᠢᠯᠰᠢᠷᠠᠬᠤ ᠠᠰᠠᠭᠤᠳᠠᠯ ᠳᠡᠭᠡᠷ᠎ᠡ

ᠴᠥᠭᠡᠨ ᠪᠤᠰᠤ ᠠᠳᠠᠯᠢ ᠲᠠᠯ᠎ᠠ ᠲᠠᠢ ᠶᠤᠮ᠃ ᠤᠯᠠᠨ ᠲᠦᠢᠯᠰᠢᠷᠠᠯᠲᠠ ᠨᠢ ᠮᠥᠨ ᠴᠢᠨᠠᠷ ᠳᠡᠭᠡᠷ᠎ᠡ ᠪᠠᠨ ᠠᠳᠠᠯᠢ ᠪᠤᠰᠤ

ᠪᠣᠯᠪᠠᠰᠤᠨ᠂ ᠠᠳᠠᠯᠢ ᠪᠤᠰᠤ ᠪᠠᠶᠢᠭᠤᠯᠤᠯ᠂ ᠠᠳᠠᠯᠢ ᠪᠤᠰᠤ ᠵᠠᠮ ᠲᠠᠢ ᠤᠯᠤᠰ ᠤᠳ ᠤᠨ ᠬᠤᠭᠤᠷᠣᠨᠳᠤ ᠬᠠᠷᠢᠯᠴᠠᠨ

ᠭᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠶᠣᠰᠣᠲᠠᠢ᠃ ᠳᠤᠮᠳᠠᠳᠤ ᠭᠧᠷᠮᠠᠨ ᠪᠡᠶ᠎ᠡ ᠪᠠᠨ ᠳᠠᠭᠠᠭᠠᠵᠤ ᠡᠵᠡᠨ

ᠮᠡᠳᠡᠨ ᠤᠯᠠᠨ ᠲᠠᠯ᠎ᠠ ᠶᠢᠨ ᠬᠦᠷᠢᠶᠡᠨ ᠤ ᠬᠠᠮᠵᠢᠯᠴᠠᠭ᠎ᠠ ᠥᠷᠨᠢᠭᠦᠯᠵᠦ᠂ ᠳᠡᠯᠡᠬᠡᠢ ᠨᠡᠶᠢᠭᠡᠮ ᠤᠨ ᠪᠣᠳᠠᠲᠤ ᠠᠵᠢᠯᠯᠠᠭ᠎ᠠ ᠪᠠᠷ ᠢᠶᠠᠨ

ᠠᠭᠤᠷ ᠠᠮᠢᠰᠬᠤᠯ ᠤᠨ ᠬᠤᠪᠢᠷᠠᠯᠲᠠ᠂ ᠬᠥᠭᠵᠢᠯᠲᠡ ᠶᠢᠨ ᠲᠡᠩᠴᠡᠭᠦᠷᠢ ᠦᠭᠡᠢ ᠪᠠᠶᠢᠳᠠᠯ᠂ ᠭᠠᠵᠠᠷ ᠣᠷᠣᠨ ᠤ ᠮᠥᠷᠭᠦᠯᠳᠦᠭᠡᠨ

ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠨᠡᠩ ᠰᠠᠶᠢᠨ ᠠᠷᠭᠠᠴᠠᠭᠠᠬᠤ ᠶᠢ ᠠᠬᠢᠭᠤᠯᠵᠤ᠂ ᠳᠡᠯᠡᠬᠡᠢ ᠶᠢᠨ

ᠲᠡᠩᠴᠡᠭᠦᠷᠢ ᠲᠣᠭᠲᠠᠭᠤᠨ ᠳᠤ ᠨᠡᠩ ᠤᠯᠠᠨ ᠬᠤᠪᠢ ᠨᠡᠮᠡᠷᠢ ᠦᠵᠡᠭᠦᠯᠪᠡᠯ ᠵᠣᠬᠢᠨ᠎ᠠ ᠭᠡᠵᠦ ᠵᠢᠭᠠᠵᠤ ᠭᠠᠷᠭᠠᠪᠠ᠃

     ᠱᠦᠸᠧᠷᠼᠢ᠂ ᠣᠳᠣᠬᠠᠨ ᠳᠤ ᠭᠧᠷᠮᠠᠨ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠰᠠᠶᠢᠨ ᠪᠠᠶᠢᠵᠤ᠂ ᠬᠤᠶᠠᠷ

ᠲᠠᠯ᠎ᠠ ᠶᠢᠨ ᠡᠯ᠎ᠡ ᠳᠠᠪᠬᠤᠷᠭ᠎ᠠ᠂ ᠡᠯ᠎ᠡ ᠬᠦᠷᠢᠶᠡᠨ ᠤ ᠶᠠᠪᠤᠯᠴᠠᠭ᠎ᠠ ᠨᠢᠭᠲᠠ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠤᠶᠠᠷ

ᠤᠯᠤᠰ ᠤᠨ ᠵᠠᠰᠠᠭ ᠤᠨ ᠣᠷᠳᠣᠨ ᠤ ᠵᠥᠪᠳᠡᠯᠴᠡᠭᠡ ᠵᠢᠴᠢ ᠪᠠᠶᠢᠯᠳᠤᠬᠤ ᠪᠣᠳᠣᠯᠭ᠎ᠠ᠂ ᠡᠳ᠋ ᠤᠨ ᠵᠠᠰᠠᠭ ᠮᠥᠩᠭᠦᠨ ᠭᠦᠢᠯᠭᠡᠭᠡ

ᠵᠡᠷᠭᠡ ᠬᠦᠷᠢᠶᠡᠨ ᠤ ᠳᠡᠭᠡᠳᠦ ᠲᠡᠰ ᠤᠨ ᠶᠠᠷᠢᠯᠴᠠᠭ᠎ᠠ ᠶᠢ ᠠᠮᠵᠢᠯᠲᠠ ᠲᠠᠢ ᠶᠠᠪᠤᠭᠳᠠᠭᠤᠯᠵᠤ᠂ ᠪᠠᠰᠠ ᠠᠭᠤᠷ ᠠᠮᠢᠰᠬᠤᠯ ᠤᠨ

ᠬᠤᠪᠢᠷᠠᠯᠲᠠ ᠪᠣᠯᠣᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠠᠷᠢᠯᠴᠠᠭ᠎ᠠ ᠬᠢᠬᠦ ᠪᠣᠯᠣᠨ᠎ᠠ᠃ ᠥᠩᠭᠡᠷᠡᠭᠰᠡᠨ

ᠬᠤᠶᠠᠷ ᠡᠳᠦᠷ ᠪᠢ ᠭᠧᠷᠮᠠᠨ ᠤ ᠠᠵᠤ ᠠᠬᠤᠶᠢᠯᠠᠯ ᠤᠨ ᠡᠲᠡᠭᠡᠳ ᠤᠨ ᠲᠥᠯᠥᠭᠡᠯᠡᠭᠴᠢᠳ ᠲᠠᠢ ᠴᠦᠩᠴᠢᠩ᠂ ᠱᠠᠩᠬᠠᠢ ᠵᠡᠷᠭᠡ

ᠭᠠᠵᠠᠷ ᠢᠶᠠᠷ ᠲᠣᠭᠤᠷᠢᠨ ᠦᠵᠡᠵᠦ᠂ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠣᠶᠢᠷ᠎ᠠ ᠶᠢᠨ ᠵᠢᠯ ᠳᠤ

ᠣᠯᠣᠭᠰᠠᠨ ᠯᠤᠲᠤ ᠶᠡᠭᠡ ᠠᠮᠵᠢᠯᠲᠠ ᠶᠢ ᠪᠡᠶᠡᠴᠢᠯᠡᠨ ᠣᠶᠢᠯᠠᠭᠠᠵᠤ᠂ ᠭᠧᠷᠮᠠᠨ ᠳᠤᠮᠳᠠᠳᠤ ᠬᠤᠶᠠᠷ ᠤᠯᠤᠰ ᠤᠨ ᠠᠵᠤ

ᠠᠬᠤᠶᠢᠯᠠᠯ ᠤᠨ ᠡᠲᠡᠭᠡᠳ ᠤᠨ ᠨᠢᠭᠲᠠ ᠰᠠᠶᠢᠨ ᠬᠠᠮᠲᠤᠷᠠᠯᠴᠠᠭ᠎ᠠ ᠳᠤ ᠭᠦᠨ ᠰᠠᠭᠤᠭᠳᠠᠯ ᠲᠠᠢ ᠪᠣᠯᠵᠠᠢ᠃ ᠭᠧᠷᠮᠠᠨ ᠤ ᠬᠢᠨ

ᠳᠤᠷᠠᠲᠠᠶ᠎ᠠ ᠳᠤᠮᠳᠠᠳᠤ ᠤᠯᠤᠰ ᠯᠤᠭ᠎ᠠ ᠦᠷᠭᠦᠯᠵᠢᠯᠡᠨ ᠬᠤᠶᠠᠷ ᠤᠯᠤᠰ ᠤᠨ ᠬᠠᠷᠢᠯᠴᠠᠭ᠎ᠠ ᠪᠠᠨ ᠴᠢᠩᠭᠠᠳᠬᠠᠵᠤ᠂ ᠡᠯ᠎ᠡ

ᠬᠦᠷᠢᠶᠡᠨ ᠤ ᠬᠤᠶᠠᠷ ᠲᠠᠯ᠎ᠠ ᠶᠢᠨ ᠶᠠᠷᠢᠯᠴᠠᠭ᠎ᠠ ᠪᠣᠯᠣᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ᠂

ᠰᠣᠶᠣᠯ ᠵᠡᠷᠭᠡ ᠬᠦᠷᠢᠶᠡᠨ ᠤ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠠᠬᠢᠭᠤᠯᠤᠨ᠎ᠠ᠂ ᠡᠨᠡ ᠨᠢ ᠭᠧᠷᠮᠠᠨ ᠳᠤᠮᠳᠠᠳᠤ

ᠬᠤᠶᠠᠷ ᠤᠯᠤᠰ ᠵᠢᠴᠢ ᠳᠡᠯᠡᠬᠡᠢ ᠳ᠋ᠠᠬᠢᠨ ᠳᠤ ᠴᠥᠮ ᠲᠦᠢᠯ ᠤᠨ ᠴᠢᠬᠤᠯᠠ ᠶᠤᠮ᠃ ᠭᠧᠷᠮᠠᠨ ᠤ ᠬᠢᠨ ᠳᠤᠷᠠᠲᠠᠶ᠎ᠠ ᠳᠤᠮᠳᠠᠳᠤ

ᠤᠯᠤᠰ ᠯᠤᠭ᠎ᠠ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠭᠦ

ᠪᠥᠮᠪᠥᠷᠴᠡᠭ ᠤᠨ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ ᠤᠯᠠᠨ ᠲᠠᠯᠠᠲᠤ ᠤᠯᠠᠨ ᠤᠯᠤᠰ ᠤᠨ ᠡᠮᠬᠢ ᠳᠢᠭᠯᠢᠮ ᠢ

ᠬᠠᠮᠠᠭᠠᠯᠠᠬᠤ ᠪᠠᠷ ᠴᠢᠷᠮᠠᠶᠢᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠵᠤ᠂ ᠡᠰᠡᠷᠭᠦᠴᠡᠯᠳᠦᠨ

ᠲᠡᠮᠡᠴᠡᠯᠳᠦᠬᠦ ᠶᠢ ᠵᠥᠪᠰᠢᠶᠡᠷᠡᠬᠦ ᠦᠭᠡᠢ᠃ ᠭᠧᠷᠮᠠᠨ ᠤ ᠲᠠᠯ᠎ᠠ ᠶᠢᠨ ᠬᠢᠨ ᠬᠠᠮᠠᠭᠠᠯᠠᠬᠤ ᠦᠵᠡᠯ ᠢ ᠡᠰᠡᠷᠭᠦᠴᠡᠵᠦ᠂ ᠴᠢᠯᠦᠭᠡᠲᠦ

ᠠᠷᠠᠯᠵᠢᠶ᠎ᠠ ᠶᠢ ᠳᠠᠮᠵᠢᠨ᠎ᠠ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠴᠢᠬᠤᠯᠠ ᠪᠦᠷᠢᠯᠳᠦᠭᠦᠨ

ᠪᠣᠯᠤᠭᠰᠠᠨ ᠤ ᠬᠤᠪᠢ ᠳᠤ᠂ ᠭᠧᠷᠮᠠᠨ ᠳᠤᠷᠠᠲᠠᠶ᠎ᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ

ᠤᠯᠤᠰ ᠤᠨ ᠬᠠᠷᠢᠯᠴᠠᠭ᠎ᠠ ᠶᠢᠨ ᠰᠠᠶᠢᠨ ᠰᠠᠶᠢᠬᠠᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠦᠨ᠎ᠡ

ᠭᠡᠵᠦ ᠢᠯᠡᠳᠬᠡᠪᠡ᠃

     ᠬᠤᠶᠠᠷ ᠤᠯᠤᠰ ᠤᠨ ᠤᠳᠤᠷᠢᠳᠬᠤ ᠬᠥᠮᠥᠨ ᠪᠠᠰᠠ ᠦᠺᠷᠠᠶᠢᠨ ᠤ ᠬᠢᠮᠤᠷᠠᠯ ᠤᠨ ᠲᠤᠬᠠᠢ ᠰᠠᠨᠠᠯ ᠢᠶᠠᠨ ᠭᠦᠨᠵᠡᠭᠡᠢ

ᠰᠣᠯᠢᠯᠴᠠᠵᠤ᠂ ᠳᠤᠮᠳᠠᠳᠤ ᠭᠧᠷᠮᠠᠨ ᠴᠥᠮ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ

ᠵᠣᠷᠢᠯᠲᠠ ᠪᠠ ᠵᠠᠷᠴᠢᠮ ᠢ ᠵᠢᠷᠤᠮᠯᠠᠬᠤ ᠪᠠᠷ ᠴᠢᠷᠮᠠᠶᠢᠵᠤ᠂ ᠴᠥᠮ᠎ᠡ ᠶᠢᠨ ᠵᠡᠪᠰᠡᠭ ᠬᠡᠷᠡᠭᠯᠡᠬᠦ ᠪᠤᠶᠤ ᠡᠩᠬᠡ ᠲᠠᠶᠢᠪᠤᠩ

ᠴᠥᠮ᠎ᠡ ᠶᠢᠨ ᠲᠥᠬᠦᠭᠡᠷᠦᠮᠵᠢ ᠶᠢ ᠳᠠᠭᠠᠷᠢᠬᠤ ᠶᠢ ᠡᠰᠡᠷᠭᠦᠴᠡᠵᠦ᠂ ᠣᠯᠠᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ

ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠣᠯᠠᠨ ᠤᠯᠤᠰ ᠤᠨ ᠬᠥᠮᠦᠯᠢᠭ ᠦᠵᠡᠯ ᠤᠨ ᠬᠠᠤᠯᠢ ᠶᠢ ᠵᠢᠷᠤᠮᠯᠠᠨ᠎ᠠ ᠭᠡᠵᠦ

ᠢᠯᠡᠳᠬᠡᠪᠡ᠃

     ᠰᠢ ᠶᠢᠨ ᠫᠢᠩ᠂ ᠣᠳᠣᠬᠠᠨ ᠤ ᠪᠠᠶᠢᠳᠠᠯ ᠳᠣᠣᠷ᠎ᠠ ᠮᠥᠷᠭᠦᠯᠳᠦᠭᠡᠨ ᠤ ᠡᠷᠭᠢᠭᠦᠯᠭᠡᠨ ᠭᠡᠯᠪᠡᠷᠢ ᠪᠠᠷ ᠲᠡᠰ ᠳᠡᠪᠰᠢᠬᠦ

ᠴᠢᠨᠠᠭᠰᠢᠯᠠᠪᠠᠯ ᠡᠵᠡᠮᠰᠢᠯ ᠢᠶᠠᠨ ᠠᠯᠳᠠᠬᠤ ᠠᠴᠠ ᠰᠡᠷᠭᠡᠶᠢᠯᠡᠬᠦ ᠶᠢᠨ ᠲᠥᠯᠥᠭᠡ᠂ ᠡᠯ᠎ᠡ ᠲᠠᠯ᠎ᠠ ᠶᠢᠨ ᠬᠢᠨ ᠡᠩᠬᠡ ᠲᠠᠶᠢᠪᠤᠩ ᠢ

ᠡᠷᠲᠡᠬᠡᠨ ᠰᠡᠷᠭᠦᠭᠡᠬᠦ ᠪᠠᠷ ᠬᠠᠮᠲᠤ ᠪᠠᠷ ᠴᠢᠷᠮᠠᠶᠢᠪᠠᠯ ᠵᠣᠬᠢᠨ᠎ᠠ᠃ ᠡᠶᠢᠮᠦ ᠠᠴᠠ ᠳᠣᠣᠷᠠᠬᠢ ᠬᠡᠳᠦᠨ ᠵᠠᠷᠴᠢᠮ ᠢ ᠪᠠᠷᠢᠮᠲᠠᠯᠠᠪᠠᠯ

ᠵᠣᠬᠢᠨ᠎ᠠ᠄ ᠨᠢᠭᠡ ᠳᠤ ᠡᠩᠬᠡ ᠲᠠᠶᠢᠪᠤᠩ ᠲᠣᠭᠲᠠᠭᠤᠨ ᠪᠠᠶᠢᠬᠤ ᠶᠡᠭᠡ ᠲᠠᠯ᠎ᠠ ᠶᠢ ᠴᠢᠬᠤᠯᠠᠴᠢᠯᠠᠵᠤ᠂ ᠬᠤᠪᠢ ᠶᠢᠨ ᠠᠰᠢᠭ

ᠲᠤᠰᠠ ᠪᠠᠨ ᠬᠥᠭᠡᠭᠡᠴᠡᠯᠳᠦᠬᠦ ᠦᠭᠡᠢ ᠪᠠᠶᠢᠬᠤ ᠬᠡᠷᠡᠭᠲᠡᠢ᠃ ᠬᠤᠶᠠᠷ ᠲᠤ ᠴᠠᠭ ᠤᠨ ᠪᠠᠶᠢᠳᠠᠯ ᠤᠨ ᠬᠠᠯᠠᠭᠤᠷᠠᠯ ᠢ ᠨᠠᠮᠳᠠᠭᠤᠯᠵᠤ᠂

ᠨᠣᠴᠣᠭᠰᠠᠨ ᠭᠠᠯ ᠳᠡᠭᠡᠷ᠎ᠡ ᠲᠣᠰᠣ ᠨᠡᠮᠡᠬᠦ ᠦᠭᠡᠢ ᠪᠠᠶᠢᠬᠤ ᠬᠡᠷᠡᠭᠲᠡᠢ᠃ ᠭᠤᠷᠪᠠ ᠳᠤ ᠡᠩᠬᠡ ᠲᠠᠶᠢᠪᠤᠩ ᠢ ᠰᠡᠷᠭᠦᠭᠡᠬᠦ ᠳᠤ

ᠨᠥᠬᠦᠴᠡᠯ ᠬᠤᠷᠠᠮᠳᠤᠭᠤᠯᠵᠤ᠂ ᠵᠥᠷᠢᠴᠡᠯ ᠢ ᠴᠢᠨᠠᠭᠰᠢᠳᠠ ᠬᠤᠷᠴᠠᠳᠬᠠᠬᠤ ᠦᠭᠡᠢ ᠪᠠᠶᠢᠬᠤ ᠬᠡᠷᠡᠭᠲᠡᠢ᠃ ᠳᠥᠷᠪᠡ ᠳᠤ

ᠳᠡᠯᠡᠬᠡᠢ ᠶᠢᠨ ᠠᠵᠤ ᠠᠬᠤᠢ ᠳᠤ ᠦᠵᠡᠭᠦᠯᠭᠦ ᠨᠠᠵᠠᠭᠠᠢ ᠨᠥᠯᠥᠭᠡ ᠶᠢ ᠪᠠᠭᠠᠰᠬᠠᠵᠤ᠂ ᠪᠦᠭᠦ ᠪᠥᠮᠪᠥᠷᠴᠡᠭ ᠤᠨ ᠠᠵᠤ

ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠡᠪᠳᠡᠬᠦ ᠦᠭᠡᠢ ᠪᠠᠶᠢᠬᠤ ᠬᠡᠷᠡᠭᠲᠡᠢ᠃ ᠳᠤᠮᠳᠠᠳᠤ

ᠤᠯᠤᠰ ᠪᠣᠯ ᠦᠺᠷᠠᠶᠢᠨ ᠤ ᠬᠢᠮᠤᠷᠠᠯ ᠤᠨ ᠬᠤᠯᠪᠤᠭ᠎ᠠ ᠲᠠᠢ ᠲᠠᠯ᠎ᠠ᠂ ᠣᠷᠣᠯᠴᠠᠬᠰᠠᠨ ᠲᠠᠯ᠎ᠠ ᠪᠢᠰᠢ᠂ ᠭᠡᠪᠡᠴᠦ ᠥᠪᠡᠷ ᠤᠨ

ᠠᠷᠭ᠎ᠠ ᠪᠠᠷ ᠢᠶᠠᠨ ᠡᠪᠰᠡᠬᠦ ᠶᠢ ᠢᠳᠬᠠᠵᠤ ᠬᠡᠯᠡᠯᠴᠡᠭᠡ ᠬᠢᠬᠦ ᠶᠢ ᠠᠬᠢᠭᠤᠯᠤᠭᠰᠠᠭᠠᠷ ᠢᠷᠡᠵᠡᠶ᠃ ᠳᠤᠮᠳᠠᠳᠤ ᠤᠯᠤᠰ ᠬᠢᠮᠤᠷᠠᠯ ᠢ

ᠨᠠᠶᠢᠷᠠᠮᠳᠠᠯ ᠢᠶᠠᠷ ᠰᠢᠢᠳᠪᠦᠷᠢᠯᠡᠬᠦ ᠳᠤ ᠠᠰᠢᠭᠲᠠᠢ ᠠᠯᠢᠪᠠ ᠴᠢᠷᠮᠠᠶᠢᠯᠭ᠎ᠠ ᠶᠢ ᠵᠣᠷᠢᠭᠵᠢᠭᠤᠯᠤᠨ ᠲᠡᠮᠵᠢᠵᠥ᠂ ᠤᠷᠤᠰ ᠦᠺᠷᠠᠶᠢᠨ

ᠬᠤᠶᠠᠷ ᠲᠠᠯ᠎ᠠ ᠶᠢᠨ ᠬᠢᠨ ᠪᠦᠷ ᠮᠡᠳᠡᠷᠡᠬᠦ᠂ ᠡᠯ᠎ᠡ ᠲᠠᠯ᠎ᠠ ᠶᠢᠨ ᠬᠢᠨ ᠡᠷᠬᠡ ᠲᠡᠭᠰᠢ ᠪᠠᠷ ᠣᠷᠤᠯᠴᠠᠬᠤ᠂ ᠪᠤᠢ ᠪᠦᠬᠦᠢ

ᠨᠠᠶᠢᠷᠠᠮᠳᠠᠯ ᠤᠨ ᠲᠥᠰᠥᠯ ᠢ ᠡᠷᠬᠡ ᠲᠡᠭᠰᠢ ᠪᠠᠷ ᠶᠠᠷᠢᠯᠴᠠᠬᠤ ᠤᠯᠠᠨ ᠤᠯᠤᠰ ᠤᠨ ᠡᠩᠬᠡ ᠲᠠᠶᠢᠪᠤᠩ ᠤᠨ ᠬᠤᠷᠠᠯ ᠢ

ᠴᠠᠭ ᠲᠠᠭᠠᠨ ᠲᠣᠬᠢᠷᠠᠭᠤᠯᠤᠨ ᠬᠤᠷᠠᠯᠳᠤᠭᠤᠯᠬᠤ ᠶᠢ ᠲᠡᠮᠵᠢᠵᠥ᠂ ᠳᠤᠷᠠᠲᠠᠶ᠎ᠠ ᠭᠧᠷᠮᠠᠨ ᠢ ᠪᠠᠭᠲᠠᠭᠠᠭᠰᠠᠨ ᠬᠤᠯᠪᠣᠭᠳᠠᠯ ᠪᠦᠬᠦᠢ

ᠲᠠᠯ᠎ᠠ ᠶᠢᠨ ᠬᠢᠨ ᠲᠠᠢ ᠨᠢᠭᠲᠠ ᠣᠯᠣᠯᠴᠠᠭ᠎ᠠ ᠪᠠᠨ ᠪᠠᠲᠤᠯᠠᠨ᠎ᠠ ᠭᠡᠵᠦ ᠴᠢᠬᠤᠯᠠᠴᠢᠯᠠᠪᠠ᠃

     ᠬᠤᠶᠠᠷ ᠲᠠᠯ᠎ᠠ ᠪᠠᠷ ᠢᠶᠠᠨ ᠪᠠᠰᠠ ᠫᠠᠯᠧᠰᠲ᠋ᠠᠶᠢᠨ ᠢᠰᠷᠧᠯ ᠤᠨ ᠮᠥᠷᠭᠦᠯᠳᠦᠭᠡᠨ ᠵᠡᠷᠭᠡ ᠬᠠᠮᠲᠤ ᠪᠠᠷ ᠠᠩᠬᠠᠷᠴᠤ ᠪᠠᠶᠢᠭ᠎ᠠ

ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠬᠤᠶᠠᠷ ᠲᠠᠯ᠎ᠠ ᠪᠠᠷ ᠢᠶᠠᠨ᠂ ᠤᠯᠠᠨ

ᠤᠯᠤᠰ ᠤᠨ ᠬᠤᠯᠪᠣᠭᠠᠲᠤ ᠪᠠᠶᠢᠭᠤᠯᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ 2728 ᠳ᠋ᠤᠭᠠᠷ ᠲᠣᠭᠠᠲᠤ

ᠰᠢᠢᠳᠪᠦᠷᠢ ᠶᠢ ᠨᠠᠶᠢᠳᠠᠪᠤᠷᠢᠵᠢᠭᠤᠯᠵᠤ᠂ ᠬᠡᠷᠡᠭ ᠶᠡᠬᠡᠳᠬᠦ ᠶᠢ ᠰᠡᠷᠭᠡᠶᠢᠯᠡᠵᠦ᠂ ᠪᠠᠶᠢᠳᠠᠯ ᠴᠢᠨᠠᠭᠰᠢᠳᠠ ᠮᠠᠭᠤᠳᠠᠬᠤ ᠠᠴᠠ

ᠵᠠᠶᠢᠯᠠᠰᠬᠢᠵᠦ᠂ ᠭᠠᠽᠠ ᠣᠷᠣᠨ ᠤ ᠬᠠᠷᠰᠢ ᠰᠠᠭᠠᠳ ᠦᠭᠡᠢ᠂ ᠦᠷᠭᠦᠯᠵᠢᠯᠡᠬᠦ ᠬᠥᠮᠦᠯᠢᠭ ᠦᠵᠡᠯ ᠤᠨ ᠣᠷᠣᠬᠤ ᠵᠥᠪᠰᠢᠶᠡᠷᠡᠯ ᠢ

ᠪᠠᠲᠤᠯᠠᠵᠤ᠂ ᠫᠠᠯᠧᠰᠲ᠋ᠠᠶᠢᠨ ᠤ ᠠᠰᠠᠭᠤᠳᠠᠯ ᠢ ︽ᠬᠤᠶᠠᠷ ᠤᠯᠤᠰ ᠤᠨ ᠲᠥᠰᠥᠯ︾ ᠤᠨ ᠰᠠᠭᠤᠷᠢᠨ ᠳᠡᠭᠡᠷ᠎ᠡ ᠡᠷᠲᠡᠬᠡᠨ ᠬᠡᠯᠡᠯᠴᠡᠭᠡ

ᠬᠢᠬᠦ ᠪᠠᠷ ᠳᠠᠮᠵᠢᠨ ᠰᠢᠢᠳᠪᠦᠷᠢᠯᠡᠬᠦ ᠶᠢ ᠳᠡᠮᠵᠢᠵᠦ᠂ ᠨᠥᠯᠥᠭᠡᠯᠡᠬᠦ ᠬᠦᠴᠦᠨ ᠲᠠᠢ ᠤᠯᠤᠰ ᠢ ᠭᠠᠵᠠᠷ ᠣᠷᠣᠨ ᠤ ᠡᠩᠬᠡ

ᠲᠠᠶᠢᠪᠤᠩ ᠲᠣᠭᠲᠠᠭᠤᠨ ᠢ ᠬᠠᠮᠠᠭᠠᠯᠠᠬᠤ ᠳᠤ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠭᠦ ᠶᠢ ᠤᠷᠢᠶᠠᠯᠠᠵᠤ᠂

ᠫᠠᠯᠧᠰᠲ᠋ᠠᠶᠢᠨ ᠤ ᠠᠰᠠᠭᠤᠳᠠᠯ ᠤᠨ ᠡᠷᠲᠡᠬᠡᠨ ᠪᠦᠭᠦ ᠲᠠᠯ᠎ᠠ ᠶᠢᠨ᠂ ᠲᠥᠪ ᠭᠤᠣᠯᠴᠢ᠂ ᠤᠳᠠᠭᠠᠨ ᠳᠠᠭᠠᠭᠠᠮᠠᠭᠠᠢ ᠪᠠᠷ

ᠰᠢᠢᠳᠪᠦᠷᠢᠯᠡᠭᠳᠡᠬᠦ ᠶᠢ ᠠᠬᠢᠭᠤᠯᠪᠠᠯ ᠵᠣᠬᠢᠨ᠎ᠠ ᠭᠡᠵᠦ ᠦᠵᠡᠪᠡ᠃

     ᠠᠭᠤᠯᠵᠠᠯᠲᠠ ᠶᠢᠨ ᠳᠠᠷᠠᠭ᠎ᠠ᠂ ᠰᠢ ᠶᠢᠨ ᠫᠢᠩ ᠱᠦᠸᠧᠷᠼᠢ ᠲᠠᠢ ᠬᠠᠮᠲᠤ ᠰᠡᠯᠡᠭᠦᠴᠡᠨ ᠠᠯᠬᠤᠬᠤ ᠶᠢᠨ ᠬᠠᠮᠲᠤ

ᠦᠳᠡ ᠶᠢᠨ ᠬᠤᠭᠤᠯᠠ ᠵᠣᠭᠤᠭᠯᠠᠵᠤ᠂ ᠥᠷᠭᠡᠨ ᠳᠡᠯᠭᠡᠷ ᠵᠥᠪᠯᠡᠬᠦ ᠵᠦᠢᠯ ᠤᠨ ᠲᠤᠬᠠᠢ ᠰᠠᠨᠠᠯ ᠢᠶᠠᠨ ᠴᠢᠨᠠᠭᠰᠢᠳᠠ ᠭᠦᠨᠵᠡᠭᠡᠢ

ᠰᠣᠯᠢᠯᠴᠠᠪᠠ᠃

     ᠸᠠᠩ ᠢ ᠠᠭᠤᠯᠵᠠᠯᠲᠠ ᠳᠤ ᠣᠷᠣᠯᠴᠠᠵᠠᠢ᠃

 
ᠢᠷᠡᠯᠲᠡ᠄ ᠥᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号