2024 ᠣᠨ ᠤ 4 ᠰᠠᠷ᠎ᠠ ᠶᠢᠨ 17 ᠤ ᠡᠳᠦᠷ ᠤᠨ ᠬᠤᠲᠠ ᠶᠢᠨ ᠵᠠᠰᠠᠭ ᠤᠨ ᠣᠷᠳᠣᠨ ᠤ ᠣᠳᠣᠷᠢᠳᠣᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2024/4/18
     ᠼᠦᠢ ᠵᠢᠩ ᠶᠢᠩ᠄ ᠦᠬᠠᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠳ᠋ᠦᠩ ᠹᠠᠩ ᠰᠢ ᠸᠠᠩ ᠪᠦᠯᠦᠭᠯᠡᠯ ᠤᠨ ᠵᠤᠴᠢᠳ ᠯᠤᠭ᠎ᠠ ᠶᠢᠨ ᠠᠭᠤᠯᠵᠠᠯᠲᠠ ᠳᠤ ᠣᠷᠣᠯᠴᠠᠵᠤ᠂ ᠦᠬᠠᠢ ᠬᠤᠳᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃      ᠭᠧᠩ ᠬᠠᠢ ᠵᠢᠶᠦ᠋ᠨ᠄ ᠤᠯᠤᠰ ᠤᠨ ᠬᠤᠯᠪᠣᠭᠳᠠᠯ ᠪᠦᠬᠦᠢ ᠤᠳᠤᠷᠢᠳᠤᠯᠭ᠎ᠠ ᠳᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠳᠤ ᠣᠷᠣᠯᠴᠠᠵᠤ ᠰᠠᠨᠠᠯ ᠢᠶᠠᠨ ᠰᠣᠯᠢᠯᠴᠠᠪᠠ᠃      ᠭᠦᠸᠧ ᠢ ᠵᠢᠶᠧ᠄ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠳᠤ ᠬᠦᠷᠴᠦ ᠤᠷᠭᠤᠮᠠᠯ ᠤᠨ ᠫᠣᠮᠫᠸᠢ ᠬᠤᠳᠠ ᠶᠢ ᠬᠠᠮᠠᠭᠠᠯᠠᠬᠤ ᠪᠠ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠬᠢᠯᠢ ᠶᠢᠨ ᠵᠠᠭᠠᠭ ᠤᠨ ᠬᠠᠮᠢᠶᠠᠷᠤᠨ ᠡᠵᠡᠮᠳᠡᠬᠦ ᠱᠤᠭᠤᠮ ᠤᠨ ᠬᠤᠯᠪᠣᠭᠳᠠᠯ ᠪᠦᠬᠦᠢ ᠠᠵᠢᠯ ᠢ ᠵᠣᠯᠭᠠᠭᠤᠯᠪᠠ᠃      ᠸᠠᠩ ᠵᠢᠢ ᠫᠢᠩ᠄ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠤᠨ ᠲᠤᠬᠠᠢ ᠰᠤᠳᠤᠯᠪᠡ᠃      ᠵᠠᠩ ᠮᠢᠩ ᠮᠢᠩ᠄ ᠦᠬᠠᠢ ᠬᠤᠲᠠ ᠶᠢᠨ ᠣᠯᠠᠨ ᠨᠡᠶᠢᠲᠡ ᠶᠢᠨ ᠰᠣᠶᠣᠯ ᠤᠨ ᠲᠥᠪ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠦᠬᠠᠢ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠳᠤ ᠣᠷᠣᠯᠴᠠᠪᠡ᠃      ᠭᠤᠸ ᠪᠥᠸᠧ᠄ ᠦᠬᠠᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠳ᠋ᠦᠩ ᠹᠠᠩ ᠰᠢ ᠸᠠᠩ ᠪᠦᠯᠦᠭᠯᠡᠯ ᠤᠨ ᠵᠤᠴᠢᠳ ᠯᠤᠭ᠎ᠠ ᠶᠢᠨ ᠠᠭᠤᠯᠵᠠᠯᠲᠠ ᠳᠤ ᠣᠷᠣᠯᠴᠠᠵᠤ᠂ ᠬᠤᠯᠪᠣᠭᠳᠠᠯ ᠪᠦᠬᠦᠢ ᠤᠳᠤᠷᠢᠳᠤᠯᠭ᠎ᠠ ᠳᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠵᠠᠩ ᠸᠧᠢ᠄ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠪᠠᠶᠢᠴᠠᠭᠠᠨ ᠰᠣᠳᠣᠯᠣᠯᠳᠠ ᠶᠢᠨ ᠶᠠᠷᠢᠯᠴᠠᠨ ᠰᠣᠯᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号