ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 28 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/19
      4 ᠰᠠᠷ᠎ᠠ ᠶᠢᠨ 17 ᠤ ᠡᠳᠦᠷ᠂ ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 28 ᠳ᠋ᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ ᠪᠠᠶᠢᠭᠤᠯᠭ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠯᠪᠣᠭᠳᠠᠯ ᠪᠦᠬᠦᠢ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠬᠤᠲᠠ  ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠪᠠᠢ ᠬᠠᠢ ᠿᠦᠩ ᠬᠤᠷᠠᠯ ᠡᠷᠭᠢᠯᠡᠭᠰᠡᠨ ᠪᠥᠭᠡᠳ ᠳᠠᠶᠢᠴᠢᠯᠠᠯᠲᠠ ᠪᠠᠶᠢᠷᠢᠯᠠᠭᠤᠯᠤᠯᠲᠠ ᠬᠢᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠸᠧᠢ ᠠᠢ ᠯᠢᠨ᠂ ᠴᠡᠩᠭᠡᠯ᠂ ᠿᠧᠨ ᠵᠢᠢ ᠬᠤᠸᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠨᠠᠷᠢᠨ ᠪᠢᠴᠢᠭ ᠤᠨ ᠳᠠᠷᠤᠭ᠎ᠠ ᠲᠢᠶᠠᠨ ᠵᠤ᠋ ᠵᠢᠶᠦ᠋ᠨ ᠬᠤᠷᠠᠯ ᠳᠤ ᠣᠷᠣᠯᠴᠠᠪᠡ᠃      ᠬᠤᠷᠠᠯ ᠠᠴᠠ ︽ᠦᠨᠡᠨ︾ ᠰᠡᠳᠬᠦᠯ ᠤᠨ 2024 ᠣᠨ ᠤ 7 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠣᠬᠢᠶᠠᠯ ︽ᠠᠷᠠᠳ ᠲᠦᠮᠡᠨ ᠢ ᠳᠡᠭᠡᠳᠦᠯᠡᠬᠦ ᠶᠢ ᠡᠷᠬᠡᠪᠰᠢ ᠪᠠᠷᠢᠮᠲᠠᠯᠠᠬᠤ ᠬᠡᠷᠡᠭᠲᠡᠢ︾ ᠪᠣᠯᠣᠨ ︽ᠪᠦᠬᠦ ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠵᠢᠴᠢ ᠬᠤᠳᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠡ᠃       ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠬᠤ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠮᠥᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤᠳᠬᠠᠬᠤ ᠬᠦᠴᠦᠲᠡᠢ ᠭᠠᠷᠳᠠᠴᠠ ᠮᠥᠨ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠭᠡᠰᠡᠨ ᠢ ᠬᠦᠢᠴᠡᠳ ᠲᠠᠨᠢᠬᠤ ᠬᠡᠷᠡᠭᠳᠡᠢ᠃ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠣᠷᠣᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠤᠲᠤᠷᠬᠠᠶᠢᠯᠠᠬᠤ᠂ ᠰᠠᠬᠢᠯᠭ᠎ᠠ ᠪᠠᠲᠤ ᠶᠢ ᠰᠠᠬᠢᠬᠤ ᠶᠢ ᠬᠥᠮᠥᠵᠢᠭᠦᠯᠦᠨ ᠬᠥᠲᠥᠯᠥᠨ ᠵᠢᠯᠤᠭᠤᠳᠴᠤ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠨᠢ ᠶᠠᠭᠤ ᠪᠣᠯᠬᠤ ᠶᠢ ᠲᠣᠳᠣᠷᠬᠠᠢ ᠣᠶᠢᠯᠠᠭᠠᠵᠤ᠂ ᠶᠠᠭᠤ ᠬᠢᠵᠦ ᠪᠣᠯᠬᠤ᠂ ᠶᠠᠭᠤ ᠬᠢᠵᠦ ᠦᠯᠦ ᠪᠣᠯᠬᠤ ᠶᠢ ᠲᠣᠳᠣᠷᠬᠠᠢ ᠣᠶᠢᠯᠠᠭᠠᠵᠤ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠪᠠᠷ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠭᠤᠣᠯᠳᠠᠯᠭ᠎ᠠ ᠲᠠᠢ ᠡᠭᠦᠷᠭᠡ ᠶᠢ ᠣᠨᠣᠪᠴᠢᠲᠠᠶ ᠡᠵᠡᠮᠰᠢᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠤᠤᠯ ᠬᠡᠪ ᠪᠠᠷ ᠰᠤᠷᠤᠯᠴᠠᠬᠤ ᠶᠢ ᠳᠤᠪᠤᠶᠢᠯᠭᠠᠬᠤ᠂ ᠰᠡᠷᠡᠮᠵᠢᠯᠡᠭᠦᠯᠬᠦ ᠬᠥᠮᠦᠵᠢᠯ ᠢᠶᠠᠷ ᠴᠢᠩᠭᠠᠳᠬᠠᠬᠤ᠂ ᠲᠠᠶᠢᠯᠤᠮᠵᠢ ᠪᠠ ᠪᠣᠯᠪᠠᠰᠤᠷᠠᠯ ᠢᠶᠠᠨ ᠴᠢᠩᠭᠠᠳᠬᠠᠬᠤ ᠶᠢ ᠪᠡᠶᠡᠯᠡᠬᠦᠯᠵᠦ᠂ ᠤᠭ ᠵᠣᠬᠢᠶᠠᠯ ᠢ ︽ᠨᠠᠷᠢᠯᠢᠭ ᠰᠤᠷᠤᠯᠴᠠᠬᠤ︾᠂ ᠲᠤᠰᠬᠠᠢ ᠰᠡᠳᠦᠪ ᠢᠶᠠᠷ ︽ᠰᠤᠳᠤᠯᠤᠨ ᠰᠤᠷᠤᠯᠴᠠᠬᠤ︾᠂ ᠬᠡᠷᠡᠭ ᠢᠶᠠᠷ ︽ᠰᠣᠷᠣᠯᠴᠠᠬᠤ ᠪᠠᠨ ᠠᠬᠢᠭᠤᠯᠬᠤ︾᠂ ᠡᠳᠦᠷ ᠳᠤᠳᠤᠮ ︽ᠠᠭᠤᠰᠤᠯᠴᠠᠭᠤᠯᠤᠨ ᠰᠤᠷᠤᠯᠴᠠᠬᠤ︾ ᠵᠡᠷᠭᠡ ᠤᠯᠠᠨ ᠵᠦᠢᠯ ᠤᠨ ᠬᠡᠯᠪᠡᠷᠢ ᠶᠢ ᠠᠪᠴᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠣᠳᠠᠲᠠᠢ ᠭᠦᠨᠵᠡᠭᠡᠶᠢᠷᠡᠭᠦᠯᠵᠦ᠂ ᠰᠤᠷᠤᠯᠴᠠᠯᠭ᠎ᠠ ᠬᠥᠮᠦᠵᠢᠯ ᠤᠨ ᠶᠠᠪᠤᠴᠠ ᠶᠢ ᠦᠨᠡᠨᠬᠦ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠬᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ᠂ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠪᠠᠨ ᠨᠢᠭᠲᠠᠷᠠᠭᠤᠯᠬᠤ ᠶᠠᠪᠤᠴᠠ ᠪᠣᠯᠭᠠᠬᠤ ᠬᠡᠷᠡᠭᠲᠡᠢ ᠭᠡᠵᠡᠢ᠃       ᠬᠤᠷᠠᠯ ᠠᠴᠠ ᠱᠠᠭᠠᠷᠳᠠᠭᠰᠠᠨ ᠨᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠣᠯ ᠠᠵᠢᠯ ᠯᠤᠭ᠎ᠠ ᠨᠢᠭᠲᠠ ᠤᠶᠠᠯᠳᠤᠭᠤᠯᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽ᠳᠥᠷᠪᠡᠨ ᠪᠠᠶᠢᠭᠤᠯᠭ᠎ᠠ︾ ᠶᠢᠨ ᠪᠠᠶᠢᠭᠤᠯᠤᠯᠲᠠ᠂ ︽ᠲᠤᠰᠬᠠᠢ ᠠᠵᠢᠯ ᠤᠨ ᠵᠦᠪᠯᠡᠯ ᠤᠨ ᠠᠵᠢᠯ ᠤᠨ ᠶᠠᠰᠤ ᠴᠢᠨᠠᠷ ᠦᠷ᠎ᠡ ᠠᠰᠢᠭ ᠢᠶᠠᠨ ᠳᠡᠭᠡᠭᠰᠢᠯᠡᠭᠦᠯᠬᠦ ᠣᠨ︾ ᠤ ᠠᠵᠢᠯᠯᠠᠭ᠎ᠠ ᠯᠤᠭ᠎ᠠ ᠤᠶᠠᠯᠳᠤᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠯᠦᠭᠡ ᠨᠡᠪᠳᠡᠷᠡᠭᠦᠯᠵᠦ᠂ ᠪᠠᠶᠢᠭᠤᠯᠭ᠎ᠠ ᠶᠢᠨ ᠺᠠᠳ᠋ᠷ ᠠᠵᠢᠯᠲᠠᠨ ᠤ ᠤᠶᠤᠨ ᠰᠠᠨᠠᠭᠠᠨ ᠤ ᠳᠦᠷᠰᠦ ᠪᠠᠶᠢᠳᠠᠯ ᠢ ᠨᠢ ᠪᠦᠲᠦᠮᠵᠢᠲᠡᠢ ᠰᠠᠶᠢᠵᠢᠷᠠᠭᠤᠯᠵᠤ᠂ ᠰᠠᠬᠢᠯᠭ᠎ᠠ ᠪᠠᠲᠤ ᠶᠢᠨ ᠤᠬᠠᠮᠰᠠᠷ ᠪᠣᠯᠣᠨ ᠶᠣᠰᠣ ᠳᠦᠷᠢᠮ ᠤᠨ ᠤᠬᠠᠮᠰᠠᠷ ᠢ ᠨᠢ ᠴᠢᠨᠠᠭᠰᠢᠳᠠ ᠴᠢᠩᠭᠠᠳᠬᠠᠵᠤ᠂ ᠬᠡᠷᠡᠭ ᠬᠦᠢᠴᠡᠳᠭᠡᠬᠦ ᠲᠡᠰ ᠳᠠᠷᠠᠭᠠᠯᠠᠯ ᠢᠶᠠᠨ ᠴᠢᠨᠠᠭᠰᠢᠳᠠ ᠵᠢᠷᠤᠮᠵᠢᠭᠤᠯᠵᠤ᠂ ᠬᠡᠷᠡᠭ ᠬᠦᠢᠴᠡᠳᠭᠡᠬᠦ ᠦᠷ᠎ᠡ ᠪᠦᠲᠦᠮᠵᠢ ᠪᠠᠨ ᠴᠢᠨᠠᠭᠰᠢᠳᠠ ᠳᠡᠭᠡᠭᠰᠢᠯᠡᠭᠦᠯᠵᠦ᠂ ᠠᠵᠢᠯ ᠬᠢᠵᠦ ᠦᠢᠯᠡᠰ ᠪᠣᠰᠬᠠᠬᠤ ᠡᠷᠴᠢ ᠵᠣᠷᠢᠭ ᠢᠶᠠᠨ ᠴᠢᠨᠠᠭᠰᠢᠳᠠ ᠬᠥᠭᠵᠢᠭᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠢᠶᠠᠨ ᠡᠭᠦᠳᠬᠦ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号