ᠦᠬᠠᠢ ᠶᠢᠨ ᠨᠡᠭᠡᠭᠡᠯᠲᠡᠲᠤ ᠶᠡᠭᠡ ᠰᠤᠷᠭᠠᠭᠤᠯᠢ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/4/19
     4 ᠰᠠᠷ᠎ᠠ ᠶᠢᠨ 18 ᠤ ᠡᠳᠦᠷ᠂ ᠦᠬᠠᠢ ᠶᠢᠨ ᠨᠡᠭᠡᠭᠡᠯᠲᠡᠲᠤ ᠶᠡᠭᠡ ᠰᠤᠷᠭᠠᠭᠤᠯᠢ ᠶᠢᠨ ᠫᠠᠶᠢᠰᠠ ᠡᠯᠭᠦᠬᠦ ᠶᠣᠰᠣᠯᠠᠯ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠶᠠᠪᠤᠭᠳᠠᠪᠠ᠃ ᠥᠪᠥᠷ ᠮᠣᠩᠭᠤᠯ ᠤᠨ ᠨᠡᠭᠡᠭᠡᠯᠲᠡᠲᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ ᠯᠢᠦ ᠴᠦᠨ᠂ ᠬᠤᠲᠠ ᠶᠢᠨ ᠳᠡᠳ᠋ ᠳᠠᠷᠤᠭ᠎ᠠ ᠸᠠᠩ ᠵᠢᠢ ᠫᠢᠩ ᠬᠤᠷᠠᠯ ᠳᠤ ᠣᠷᠣᠯᠴᠠᠵᠤ ᠫᠠᠶᠢᠰᠠ ᠡᠯᠭᠦᠪᠡ᠃      ᠦᠬᠠᠢ ᠶᠢᠨ ᠨᠡᠭᠡᠭᠡᠯᠲᠡᠲᠤ ᠶᠡᠭᠡ ᠰᠤᠷᠭᠠᠭᠤᠯᠢ ᠵᠢᠩᠬᠢᠨᠢ ᠪᠠᠷ ᠫᠠᠶᠢᠰᠠ ᠡᠯᠭᠦᠭᠰᠡᠨ ᠨᠢ ︽ᠤᠯᠤᠰ ᠤᠨ ᠨᠡᠭᠡᠭᠡᠯᠲᠡᠲᠤ ᠶᠡᠭᠡ ᠰᠤᠷᠭᠠᠭᠤᠯᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠥᠰᠥᠯ︾ ︽ᠥᠪᠥᠷ ᠮᠣᠩᠭᠤᠯ ᠤᠨ ᠨᠡᠭᠡᠭᠡᠯᠲᠡᠲᠤ ᠶᠡᠭᠡ ᠰᠤᠷᠭᠠᠭᠤᠯᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠥᠰᠥᠯ︾ ᠢ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠪᠣᠯᠣᠨ᠎ᠠ᠂ ᠮᠥᠨᠴᠦ ᠠᠶᠢᠮᠠᠭ ᠬᠤᠳᠠ ᠶᠢᠨ ᠨᠡᠭᠡᠭᠡᠯᠲᠡᠲᠤ ᠶᠡᠭᠡ ᠰᠤᠷᠭᠠᠭᠤᠯᠢ ᠶᠢᠨ ᠨᠢᠭᠡ ᠴᠣᠭᠴᠠᠵᠢᠭᠤᠯᠤᠭᠰᠠᠨ ᠰᠤᠷᠭᠠᠭᠤᠯᠢ ᠡᠷᠬᠢᠯᠡᠬᠦ ᠰᠢᠰᠲ᠋ᠧᠮ ᠢ ᠲᠡᠭᠦᠯᠳᠡᠷᠵᠢᠭᠦᠯᠬᠦ ᠠᠮᠢᠳᠤᠯᠢᠭ ᠦᠢᠯᠡᠳᠦᠯᠭᠡ ᠪᠣᠯᠣᠨ᠎ᠠ᠃      ᠳᠠᠷᠠᠭᠠᠴᠢ ᠶᠢᠨ ᠠᠯᠬᠤᠮ ᠳᠤ᠂ ᠦᠬᠠᠢ ᠶᠢᠨ ᠨᠡᠭᠡᠭᠡᠯᠲᠡᠲᠤ ᠶᠡᠭᠡ ᠰᠤᠷᠭᠠᠭᠤᠯᠢ ᠨᠢ ᠰᠤᠷᠤᠯᠴᠠᠭᠴᠢ ᠪᠠᠷ ᠭᠤᠣᠯ ᠪᠣᠯᠭᠠᠵᠤ᠂ ᠨᠡᠭᠡᠭᠡᠯᠲᠡᠲᠤ ᠰᠤᠷᠭᠠᠨ ᠬᠥᠮᠦᠵᠢᠯ ᠢᠶᠠᠷ ᠭᠤᠣᠯ ᠴᠣᠭᠴᠠ ᠪᠣᠯᠭᠠᠵᠤ᠂ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠪᠠ ᠰᠤᠷᠤᠯᠭ᠎ᠠ ᠶᠢᠨ ᠨᠠᠮᠲᠠᠷ ᠤᠨ ᠪᠤᠰᠤ ᠰᠤᠷᠭᠠᠨ ᠬᠥᠮᠦᠵᠢᠯ ᠢᠶᠠᠷ ᠬᠤᠶᠠᠷ ᠡᠭᠡᠯᠵᠢ ᠪᠠᠷ ᠬᠥᠳᠡᠯᠭᠡᠭᠦᠷ ᠪᠣᠯᠭᠠᠭᠰᠠᠨ ᠰᠤᠷᠭᠠᠭᠤᠯᠢ ᠡᠷᠭᠢᠯᠡᠬᠦ ᠪᠠᠷ ᠪᠠᠶᠢᠷᠢᠰᠢᠯ ᠪᠣᠯᠭᠠᠵᠤ᠂ ︽ᠨᠡᠭᠡᠭᠡᠯᠲᠡᠲᠤ ᠰᠤᠷᠭᠠᠨ ᠬᠥᠮᠦᠵᠢᠯ+ ᠣᠨᠴᠠᠭᠠᠶ ᠰᠤᠷᠭᠠᠨ ᠬᠥᠮᠦᠵᠢᠯ+ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ+ ᠦᠷᠭᠦᠯᠵᠢᠯᠡᠭᠰᠡᠨ ᠰᠤᠷᠭᠠᠨ ᠬᠥᠮᠦᠵᠢᠯ+ ᠨᠠᠰᠤᠲᠠᠶᠢᠴᠤᠳ ᠤᠨ ᠰᠤᠷᠭᠠᠨ ᠬᠥᠮᠦᠵᠢᠯ︾ ᠤᠨ ︽ᠲᠠᠪᠤ ᠶᠢ ᠨᠢᠭᠡ ᠴᠣᠭᠴᠠᠵᠢᠭᠤᠯᠬᠤ︾ ᠰᠤᠷᠭᠠᠭᠤᠯᠢ ᠡᠷᠭᠢᠯᠡᠬᠦ ᠵᠠᠭᠪᠤᠷ ᠢ ᠪᠣᠶ ᠪᠣᠯᠭᠠᠵᠤ᠂ ᠦᠬᠠᠢ ᠶᠢᠨ ᠪᠥᠬᠦ ᠠᠷᠠᠳ ᠤᠨ ᠨᠠᠰᠤᠨ ᠲᠤᠷᠰᠢᠲᠠ ᠶᠢᠨ ᠰᠤᠷᠤᠯᠴᠠᠯᠭ᠎ᠠ ᠳᠤ ᠦᠢᠯᠡᠴᠢᠯᠡᠬᠦ᠂ ᠦᠬᠠᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠬᠦ ᠪᠤᠯᠤᠨ᠎ᠠ᠃      ᠫᠠᠶᠢᠰᠠ ᠡᠯᠭᠦᠬᠦ ᠶᠣᠰᠣᠯᠠᠯ ᠳᠠᠭᠤᠰᠤᠭᠰᠠᠨ ᠤ ᠲᠠᠷᠠᠭ᠎ᠠ᠂ ᠯᠢᠦ ᠴᠦᠨ ᠨᠠᠷ ᠪᠠᠰᠠ ᠬᠠᠶᠢᠷᠤᠪ ᠤᠨ ᠲᠣᠬᠤᠢ ᠲᠣᠭᠤᠷᠢᠭ ᠤᠨ ᠨᠠᠰᠤᠲᠠᠶᠢᠴᠤᠳ ᠤᠨ ᠨᠡᠭᠡᠭᠡᠯᠲᠡᠲᠤ ᠶᠡᠭᠡ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠵᠢᠱᠢᠶ᠎ᠡ ᠦᠵᠡᠭᠦᠯᠬᠦ ᠰᠤᠷᠭᠠᠭᠤᠯᠢ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠮᠠᠨ ᠤ ᠬᠤᠳᠠ ᠶᠢᠨ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠪᠠᠶᠢᠳᠠᠯ ᠵᠢᠴᠢ ᠦᠬᠠᠢ ᠶᠢᠨ ᠨᠡᠭᠡᠭᠡᠯᠲᠡᠲᠤ ᠶᠡᠭᠡ ᠰᠤᠷᠭᠠᠭᠤᠯᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号