ᠬᠤᠲᠠ ᠶᠢᠨ ᠵᠠᠰᠠᠭ ᠤᠨ ᠣᠷᠳᠣᠨ ᠤ ᠲᠤᠰᠬᠠᠢ ᠰᠡᠳᠦᠪᠲᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/19
     4 ᠰᠠᠷ᠎ᠠ ᠶᠢᠨ 17 ᠤ ᠡᠳᠦᠷ᠂ ᠬᠤᠲᠠ ᠶᠢᠨ ᠵᠠᠰᠠᠭ ᠤᠨ ᠣᠷᠳᠣᠨ ᠤᠨ ᠲᠤᠰᠬᠠᠢ ᠰᠡᠳᠦᠪᠲᠦ ᠬᠤᠷᠠᠯ ᠬᠤᠷᠠᠯᠳᠤᠵᠤ᠂ ᠰᠣᠶᠣᠯ ᠵᠢᠭᠤᠯᠴᠢᠯᠠᠯ ᠤᠨ ᠠᠵᠢᠯ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠣᠯᠴᠠᠭᠤᠯᠤᠨ ᠬᠦᠭᠵᠢᠬᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠡᠭᠦᠷᠭᠡ ᠪᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠡ᠃ ᠬᠤᠲᠠ ᠶᠢᠨ ᠤᠳᠤᠷᠢᠳᠤᠯᠭ᠎ᠠ ᠵᠠᠩ ᠮᠢᠩ ᠮᠢᠩ ᠬᠤᠷᠠᠯ ᠡᠷᠭᠢᠯᠡᠪᠡ᠃      ᠼᠦᠢ ᠵᠢᠩ ᠶᠢᠩ ᠬᠡᠯᠡᠭᠰᠡᠨ ᠨᠢ᠂ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠮᠠᠨ ᠤ ᠬᠤᠳᠠ ᠶᠢᠨ ᠥᠪᠡᠷᠮᠢᠴᠡ ᠣᠷᠣᠨ ᠪᠠᠶᠢᠷᠢ᠂ ᠡᠬᠢ ᠪᠠᠶᠠᠯᠢᠭ᠂ ᠠᠵᠤ ᠦᠢᠯᠡᠰ ᠵᠡᠷᠭᠡ ᠶᠢᠨ ᠳᠠᠪᠠᠭᠤᠯᠢᠭ ᠲᠠᠭᠠᠨ ᠲᠦᠰᠢᠭᠯᠡᠵᠦ᠂ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ᠂ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠬᠡᠷᠡᠭᠲᠡᠢ᠃ ᠭᠤᠣᠯᠳᠠᠯᠭ᠎ᠠ ᠶᠢ ᠨᠢ ᠠᠳᠬᠤᠵᠤ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠢ ᠴᠢᠨᠠᠭᠰᠢᠳᠠ ᠨᠡᠶᠢᠳᠬᠡᠵᠦ᠂ ᠰᠡᠳᠬᠢᠴᠡ ᠪᠠᠨ ᠰᠢᠨᠡᠴᠢᠯᠡᠵᠦ᠂ ᠲᠦᠷᠦᠯ ᠲᠡᠮᠳᠡᠭ ᠢ ᠡᠭᠦᠳᠴᠦ᠂ ᠬᠠᠳᠤᠨ ᠭᠤᠣᠯ ᠤᠨ ᠰᠣᠶᠣᠯ᠂ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠵᠡᠷᠭᠡ ᠣᠨᠴᠠᠯᠢᠭᠲᠤ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠦᠬᠠᠢ ᠨᠠᠭᠤᠷ ᠤᠨ ᠤᠯᠤᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ᠂ ᠠᠵᠤ ᠦᠢᠯᠡᠳᠪᠦᠷᠢ ᠶᠢᠨ ᠪᠠᠭᠤᠷᠢ ᠶᠢ ᠨᠡᠭᠡᠭᠡᠨ ᠬᠥᠭᠵᠢᠭᠦᠯᠬᠦ ᠵᠡᠷᠭᠡ ᠠᠵᠢᠯ ᠢ ᠰᠠᠶᠢᠲᠤᠷ ᠠᠳᠬᠤᠵᠤ᠂ ᠨᠢᠭᠡ ᠪᠦᠯᠦᠭ ᠰᠣᠳᠣᠨ ᠵᠢᠭᠤᠯᠴᠢᠯᠠᠯ ᠤᠨ ᠱᠤᠭᠤᠮ ᠢ ᠰᠦᠪᠡᠭᠴᠢᠯᠡᠨ ᠭᠠᠷᠭᠠᠵᠤ᠂ ᠨᠡᠩ ᠤᠯᠠᠨ ᠤᠯᠠᠨ ᠲᠦᠮᠡᠨ ᠢ ᠵᠢᠭᠤᠯᠴᠢᠯᠠᠯ ᠤᠨ ᠬᠥᠭᠵᠢᠯᠲᠡ ᠶᠢᠨ ᠠᠵᠠ ᠲᠤᠬᠢᠶᠠᠯ ᠢ ᠠᠮᠵᠢᠭᠤᠯᠵᠤ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠬᠡᠷᠡᠭᠳᠡᠢ᠃ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ᠲᠥᠯᠥᠪᠵᠢᠭᠦᠯᠦᠨ ᠵᠢᠷᠤᠵᠤ ᠲᠥᠯᠥᠪᠯᠡᠬᠦ ᠪᠠᠨ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠬᠠᠮᠲᠤᠷᠠᠭᠰᠠᠨ ᠵᠥᠪᠳᠡᠯᠴᠡᠭᠡ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠂ ᠬᠠᠷᠠᠯᠲᠠᠲᠤ ᠬᠢᠨᠠᠨ ᠰᠢᠯᠭᠠᠯᠲᠠ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠰᠠᠭᠤᠷᠢ ᠲᠦᠭᠦᠭᠡᠷᠦᠮᠵᠢ ᠪᠠᠨ ᠢᠵᠢ ᠪᠦᠷᠢᠳᠦᠭᠦᠯᠬᠦ᠂ ᠤᠬᠠᠭᠤᠯᠤᠨ ᠲᠠᠨᠢᠯᠴᠠᠭᠤᠯᠬᠤ ᠵᠡᠷᠭᠡ ᠠᠵᠢᠯ ᠢᠶᠠᠨ ᠨᠢᠭᠡ ᠴᠣᠭᠴᠠᠵᠢᠭᠤᠯᠤᠨ ᠠᠬᠢᠭᠤᠯᠵᠤ᠂ ︽ᠢᠳᠡᠬᠦ᠂ ᠰᠠᠭᠤᠬᠤ᠂ ᠶᠠᠪᠤᠬᠤ᠂ ᠵᠤᠭᠠᠴᠠᠬᠤ᠂ ᠬᠤᠳᠠᠯᠳᠤᠨ ᠠᠪᠬᠤ᠂ ᠴᠡᠩᠭᠡᠯᠳᠦᠬᠦ︾ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠶᠢᠳᠠᠯ ᠢ ᠲᠦᠷᠭᠡᠨ ᠲᠡᠭᠦᠯᠳᠡᠷᠵᠢᠭᠦᠯᠵᠦ᠂ ᠲᠠᠷᠢᠶᠠᠯᠠᠩ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠬᠤ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠡᠷᠡᠭᠳᠡᠢ ᠭᠡᠵᠡᠢ᠃      ᠬᠤᠷᠠᠯ ᠠᠴᠠ ᠪᠠᠰᠠ ︽ᠮᠣᠷᠢᠨ ᠵᠢᠩ ᠤᠨ ᠶᠡᠭᠡ ᠬᠤᠷᠠᠯ︾ᠵᠡᠷᠭᠡ ︽5·1︾ ᠤ ᠬᠤᠭᠤᠴᠠᠭᠠᠨ ᠳᠠᠬᠢ ᠤᠷᠤᠯᠳᠤᠭᠠᠨ ᠤ ᠠᠵᠢᠯᠯᠠᠭ᠎ᠠ ᠶᠢ ᠪᠡᠯᠡᠳᠬᠡᠬᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠤᠨ ᠲᠤᠬᠠᠢ ᠰᠤᠳᠤᠯᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号