3 ᠰᠠᠷ᠎ᠠ ᠶᠢᠨ 29 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ | ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠤᠭᠠᠲᠤ ᠬᠤᠷᠠᠯ ᠬᠠᠮᠲᠤᠷᠠᠨ 2024 ᠣᠨ ᠤ ︽ᠰᠡᠳᠬᠢᠯ ᠢᠶᠠᠨ | ᠨᠢᠭᠡᠳᠬᠡᠨ ᠤᠶᠤᠨ ᠣᠬᠠᠭᠠᠨ ᠢᠶᠠᠨ ᠬᠤᠷᠠᠮᠳᠤᠭᠤᠯᠵᠤ· ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠨ | ᠬᠥᠭᠵᠢᠬᠦ ᠶᠢ ᠠᠬᠢᠭᠤᠯᠤᠶ᠎ᠠ︾ ᠭᠡᠬᠦ ᠭᠤᠣᠯ ᠰᠡᠳᠦᠪᠲᠦ ᠲᠣᠭᠤᠷᠢᠭ ᠰᠢᠷᠡᠭᠡᠨ ᠤ ᠳᠣᠲᠣᠨᠣᠴᠢᠯᠠᠨ ᠶᠠᠷᠢᠯᠴᠠᠬᠤ ᠬᠤᠷᠠᠯ | ᠡᠷᠬᠢᠯᠡᠪᠡ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ | ᠳᠠᠷᠤᠭ᠎ᠠ ᠬᠤᠤ ᠰᠢ ᠬᠤᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠡ᠃ | ᠬᠤᠷᠠᠯ ᠳᠡᠭᠡᠷ᠎ᠡ᠂ ᠮᠠᠨ ᠤ ᠬᠤᠲᠠ ᠶᠢᠨ ᠰᠢᠩ ᠰᠢᠨ ᠲᠠᠷᠢᠶᠠᠯᠠᠩ᠂ ᠰᠢᠨ ᠢ ᠹᠧᠩ ᠲᠠᠷᠢᠶᠠᠯᠠᠩ ᠵᠡᠷᠭᠡ 8 | ᠠᠵᠤ ᠠᠬᠤᠶᠢᠯᠠᠯ ᠤᠨ ᠬᠠᠷᠢᠭᠤᠴᠠᠯᠭᠠᠲᠠᠨ ᠲᠣᠰ ᠪᠡᠶ᠎ᠡ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠮᠠᠨ ᠤ ᠬᠤᠲᠠ ᠶᠢᠨ ᠲᠠᠷᠢᠶᠠᠯᠠᠩ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠲᠤᠬᠠᠢ ᠰᠠᠨᠠᠯ ᠰᠠᠨᠠᠭᠤᠯᠭ᠎ᠠ | ᠳᠤᠷᠠᠳᠪᠠ᠃ | ᠬᠤᠤ ᠰᠢ ᠬᠤᠩ ᠬᠡᠯᠡᠭᠰᠡᠨ ᠨᠢ᠂ ᠪᠦᠬᠦ ᠬᠤᠳᠠ ᠶᠢᠨ ᠲᠠᠷᠢᠶᠠᠯᠠᠩ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠶᠢᠨ ᠲᠤᠭᠤᠷᠢᠨ ᠳᠤ ᠨᠠᠷᠢᠨ ᠬᠢᠨᠠᠮᠠᠭᠠᠢ ᠴᠤᠭᠯᠠᠭᠤᠯᠬᠤ᠂ | ᠬᠤᠷᠢᠶᠠᠩᠭᠤᠶᠢᠯᠠᠬᠤ᠂ ᠵᠠᠳᠠᠯᠬᠤ᠂ ᠨᠠᠷᠢᠯᠢᠭᠵᠢᠭᠤᠯᠬᠤ ᠶᠢ ᠪᠡᠶᠡᠯᠡᠬᠦᠯᠵᠦ᠂ ᠢᠳᠡᠪᠬᠢᠲᠡᠢ ᠵᠣᠬᠢᠴᠠᠭᠤᠯᠤᠨ ᠬᠠᠷᠢᠭᠤᠯᠲᠠ | ᠥᠭᠴᠦ᠂ ᠠᠵᠤ ᠠᠬᠤᠶᠢᠯᠠᠯ ᠤᠨ ᠠᠰᠠᠭᠤᠳᠠᠯ ᠤᠨ ᠰᠡᠵᠢᠭᠯᠡᠯ ᠪᠣᠯᠣᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ᠂ | ᠰᠠᠨᠠᠯ ᠰᠠᠨᠠᠭᠤᠯᠭ᠎ᠠ ᠶᠢ ᠨᠢ ᠬᠤᠶᠢᠰᠢᠳᠠ ᠶᠢᠨ ᠠᠵᠢᠯ ᠢᠶᠠᠨ ᠠᠬᠢᠭᠤᠯᠬᠤ ᠬᠦᠴᠦᠲᠡᠢ ᠭᠠᠷᠳᠠᠴᠠ ᠪᠣᠯᠭᠠᠨ | ᠬᠤᠪᠢᠷᠠᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠤᠳ ᠪᠦᠯᠬᠦᠮᠳᠡᠨ ᠬᠠᠮᠵᠢᠯᠴᠠᠵᠤ᠂ | ᠬᠠᠷᠢᠯᠴᠠᠨ ᠳᠡᠮᠵᠢᠵᠦ᠂ ᠰᠢᠯᠢᠳᠡᠭ ᠰᠠᠶᠢᠨ ᠠᠵᠤ ᠦᠢᠯᠡᠰ ᠤᠨ ᠠᠮᠢ ᠠᠬᠤᠢ ᠪᠠᠷ ᠬᠠᠮᠲᠤᠪᠠᠷ ᠠᠰᠢᠭ ᠬᠦᠷᠳᠡᠬᠦ | ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠡᠢ᠃ |