ᠮᠠᠨ ᠤ ᠬᠤᠲᠠ ᠶᠢᠨ ᠥᠪᠥᠷ ᠮᠣᠩᠭᠤᠯ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠭᠡᠰᠢᠭᠦᠨ 13 ᠨᠡᠮᠡᠭᠳᠡᠪᠡ
ᠨᠡᠶᠢᠲᠡᠯᠡᠭᠰᠡᠨ ᠴᠠᠭ᠄
2024/4/2
     3 ᠰᠠᠷ᠎ᠠ ᠶᠢᠨ 30 ᠤ ᠡᠳᠦᠷ᠂ ᠰᠤᠷᠪᠤᠯᠵᠢᠯᠠᠭᠴᠢ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠣᠶᠢᠯᠠᠭᠠᠭᠰᠠᠨ ᠨᠢ᠂ ᠥᠪᠥᠷ ᠮᠣᠩᠭᠤᠯ ᠤᠨ ᠤᠷᠠᠨ ᠪᠢᠴᠢᠯᠭᠡᠲᠡᠨ ᠤ ᠨᠡᠶᠢᠭᠡᠮᠯᠢᠭ 2023 ᠣᠨ ᠤ ᠰᠢᠨ᠎ᠡ ᠪᠠᠷ ᠨᠡᠶᠢᠭᠡᠮᠯᠢᠭ ᠲᠤ ᠣᠷᠣᠭᠰᠠᠨ ᠭᠡᠰᠢᠭᠦᠨ ᠤ ᠨᠡᠷᠡᠰ ᠢ ᠵᠠᠷᠯᠠᠨ ᠨᠡᠶᠢᠲᠡᠯᠡᠪᠡ᠂ ᠮᠠᠨ ᠤ ᠬᠤᠲᠠ ᠶᠢᠨ ᠰᠢᠩ ᠶᠠᠨ ᠲᠢᠩ᠂ ᠲᠢᠶᠠᠨ ᠮᠠᠨ ᠬᠤᠩ᠂ ᠵᠢᠢ ᠬᠤᠩ ᠲᠤᠸ᠂ ᠯᠢ ᠮᠢᠩ ᠸᠧᠢ ᠵᠡᠷᠭᠡ 13 ᠤᠷᠠᠨ ᠪᠢᠴᠢᠯᠭᠡᠲᠡᠨ ᠲᠣᠰ ᠤᠳᠠᠭᠠᠨ ᠤ ᠵᠠᠷᠯᠠᠨ ᠨᠡᠶᠢᠲᠡᠯᠡᠭᠰᠡᠨ ᠨᠡᠷᠡᠰ ᠤᠨ ᠵᠢᠭᠰᠠᠭᠠᠯᠲᠠ ᠳᠤ ᠤᠷᠤᠵᠤ᠂ ᠮᠠᠨ ᠤ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠲᠠᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠭᠡᠰᠢᠭᠦᠨ 178 ᠪᠣᠯᠤᠭᠰᠠᠨ ᠪᠠᠶᠢᠨ᠎ᠠ᠃      ᠥᠪᠥᠷ ᠮᠣᠩᠭᠤᠯ ᠤᠨ ᠤᠷᠠᠨ ᠪᠢᠴᠢᠯᠭᠡᠲᠡᠨ ᠤ ᠨᠡᠶᠢᠭᠡᠮᠯᠢᠭ 1984 ᠣᠨ ᠳᠤ ᠪᠠᠶᠢᠭᠤᠯᠤᠭᠳᠠᠵᠤ᠂ ᠨᠡᠶᠢᠭᠡᠮᠯᠢᠭ ᠤᠨ ᠭᠡᠰᠢᠭᠦᠨ ᠢ ᠰᠢᠨ᠎ᠡ ᠪᠠᠷ ᠬᠦᠯᠢᠶᠡᠨ ᠠᠪᠬᠤ ᠨᠢ ᠮᠠᠰᠢ ᠴᠢᠩᠭ᠎ᠠ ᠨᠥᠬᠦᠴᠡᠯ ᠲᠠᠢ ᠶᠤᠮ᠂ ᠡᠨᠡ ᠤᠳᠠᠭ᠎ᠠ ᠦᠬᠠᠢ ᠶᠢᠨ 13 ᠤᠷᠠᠨ ᠪᠢᠴᠢᠯᠭᠡᠲᠡᠨ ᠨᠡᠶᠢᠭᠡᠮᠯᠢᠭ ᠲᠤ ᠣᠷᠣᠭᠰᠠᠨ ᠨᠢ ᠮᠠᠨ ᠤ ᠬᠤᠲᠠ ᠶᠢᠨ ᠤᠷᠠᠨ ᠪᠢᠴᠢᠯᠭᠡᠲᠡᠨ ᠤ ᠡᠩᠨᠡᠭᠡ ᠶᠢ ᠤᠯᠠᠮ ᠴᠢᠨᠠᠭᠰᠢᠳᠠ ᠪᠤᠵᠠᠭᠠᠶᠢᠷᠠᠭᠤᠯᠵᠤ᠂ ᠤᠷᠠᠨ ᠪᠢᠴᠢᠯᠭᠡ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠬᠦ ᠪᠣᠯᠣᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号