ᠬᠤᠲᠠ ᠶᠢᠨ ᠵᠠᠰᠠᠭ ᠤᠨ ᠣᠷᠳᠣᠨ ᠤ 2024 ᠣᠨ ᠤ 8 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/22
     4 ᠰᠠᠷ᠎ᠠ ᠶᠢᠨ 19 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ ᠬᠤᠳᠠ ᠶᠢᠨ ᠵᠠᠰᠠᠭ ᠤᠨ ᠣᠷᠳᠣᠨ ᠤ 2024 ᠣᠨ ᠤ 8 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠠᠵᠤ ᠠᠬᠤᠢ ᠶᠢᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠵᠤ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠪᠣᠯᠣᠨ ᠣᠳᠣᠬᠠᠨ ᠤ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠠᠵᠤ ᠠᠬᠤᠢ ᠶᠢᠨ ᠠᠵᠢᠯ ᠳᠠᠬᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠦᠨᠳᠦᠰᠦᠨ ᠵᠢᠷᠤᠮᠯᠠᠯ ᠪᠣᠯᠭᠠᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠨᠡᠪᠳᠡᠷᠡᠳᠡᠯ᠎ᠡ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠨᠡᠩ ᠶᠡᠭᠡ ᠬᠦᠴᠦ ᠣᠷᠣᠭᠤᠯᠵᠤ᠂ ᠭᠤᠣᠯ ᠴᠢᠬᠤᠯᠠ ᠠᠭᠤᠯᠭ᠎ᠠ ᠶᠢ ᠪᠦᠬᠦ ᠰᠡᠳᠬᠢᠯ ᠢᠶᠠᠷ ᠢᠶᠠᠨ ᠣᠶᠢᠯᠠᠭᠠᠵᠤ᠂ ᠠᠵᠤ ᠠᠬᠤᠢ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ  ᠪᠠᠨ ᠵᠣᠬᠢᠰᠲᠠᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠠᠴᠠ ᠨᠠᠰᠢ᠂ ᠪᠦᠬᠦ ᠬᠤᠳᠠ ᠪᠠᠷ ᠢᠶᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ ᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠬᠦᠯᠵᠦ᠂ ︽ᠬᠤᠶᠠᠷ ᠬᠡᠯᠪᠡᠷᠢ ᠪᠠᠨ ᠬᠤᠪᠢᠷᠠᠭᠤᠯᠬᠤ︾ ᠶᠢ ᠠᠬᠢᠭᠤᠯᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠬᠥᠭᠵᠢᠯᠲᠡ ᠶᠢ ᠶᠡᠬᠡᠪᠡᠷ ᠠᠳᠬᠤᠵᠤ᠂ ᠠᠵᠤ ᠠᠬᠤᠢ ᠶᠢᠨ ᠠᠵᠢᠯᠯᠠᠭᠠᠨ ᠲᠣᠭᠲᠠᠭᠤᠨ ᠤ ᠳᠤᠮᠳᠠ ᠤᠷᠤᠭᠰᠢᠯᠠᠵᠤ᠂ ᠰᠡᠷᠭᠦᠨ ᠰᠠᠶᠢᠵᠢᠷᠠᠵᠤ᠂ ᠪᠦᠬᠦ ᠵᠢᠯ ᠤᠨ ᠠᠵᠢᠯ ᠰᠠᠶᠢᠨ ᠡᠬᠢᠯᠡᠯᠲᠡ ᠲᠠᠢ ᠪᠣᠯᠵᠠᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠢᠲᠡᠭᠡᠯ ᠵᠣᠷᠢᠭ ᠢᠶᠠᠨ ᠪᠠᠲᠤᠳᠬᠠᠵᠤ᠂ ᠢᠳᠡ ᠬᠦᠴᠦ ᠪᠠᠨ ᠨᠡᠮᠡᠭᠳᠡᠭᠦᠯᠦᠨ᠂ ᠣᠮᠤᠭ ᠰᠦᠷ ᠢᠶᠠᠨ ᠬᠥᠪᠴᠢᠯᠡᠵᠦ᠂ ᠳᠠᠷᠤᠯᠲᠠ ᠶᠢ ᠬᠥᠳᠡᠯᠭᠡᠬᠦ ᠬᠦᠴᠦᠨ ᠪᠤᠯᠭᠠᠵᠤ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠨᠡᠮᠡᠭᠳᠡᠯ ᠢ ᠲᠣᠭᠲᠠᠪᠤᠷᠢᠵᠢᠭᠤᠯᠵᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠠᠵᠤ ᠠᠬᠤᠢ ᠶᠢᠨ ᠠᠵᠢᠯᠯᠠᠭᠠᠨ ᠢ ᠲᠣᠬᠢᠷᠠᠭᠤᠯᠬᠤ ᠲᠠᠯ᠎ᠠ ᠪᠠᠷ ᠳᠠᠷᠤᠯᠲᠠ ᠪᠠ ᠬᠦᠴᠦ ᠨᠡᠮᠡᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠠᠯ᠎ᠠ ᠪᠠᠷ ᠬᠦᠴᠦᠲᠡᠢ ᠪᠥᠭᠡᠳ ᠪᠦᠲᠦᠮᠵᠢᠲᠡᠶ ᠪᠠᠶᠢᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠤᠷᠳᠤᠴᠠ ᠪᠠᠨ ᠳᠡᠭᠡᠭᠰᠢᠯᠡᠭᠦᠯᠦᠨ ᠬᠦᠴᠦᠯᠡᠵᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠠᠯ᠎ᠠ ᠪᠠᠷ ᠵᠡᠷᠭᠡ ᠪᠠᠷ ᠬᠦᠴᠦᠯᠡᠵᠦ᠂ ᠨᠢᠭᠡᠳᠦᠯᠲᠡᠢ ᠲᠥᠯᠥᠪᠯᠡᠨ ᠬᠥᠭᠵᠢᠭᠦᠯᠬᠦ ᠪᠠ ᠠᠷᠠᠳ ᠤᠨ ᠠᠮᠢᠳᠤᠷᠠᠯ᠂ ᠬᠥᠭᠵᠢᠯᠲᠡ ᠪᠠ ᠠᠮᠤᠷ ᠲᠦᠪᠰᠢᠨ᠂ ᠬᠥᠭᠵᠢᠯᠲᠡ ᠪᠠ ᠣᠷᠴᠢᠨ ᠲᠤᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠰᠡᠳᠬᠢᠯ ᠲᠠᠯᠪᠢᠨ ᠬᠦᠴᠦᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠳᠡᠢ ᠬᠡᠵᠡᠢ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠵᠢᠯ ᠤᠨ ᠭᠤᠣᠯᠳᠠᠯᠭ᠎ᠠ ᠲᠠᠢ ᠠᠵᠢᠯ ᠢᠶᠠᠨ ᠨᠢᠭᠡᠳᠦᠯᠲᠡᠢ ᠲᠥᠯᠥᠪᠯᠡᠨ ᠠᠬᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠤᠨ᠂ ᠴᠢᠩᠭ᠎ᠠ ᠪᠠᠷᠢᠮᠵᠢᠶ᠎ᠠ ᠶᠢ ᠦᠨᠡᠨᠬᠦ ᠪᠤᠢ ᠪᠣᠯᠭᠠᠵᠤ᠂ ᠴᠢᠩᠭ᠎ᠠ ᠰᠠᠬᠢᠯᠭ᠎ᠠ ᠪᠠᠲᠤ ᠶᠢ ᠲᠣᠭᠲᠠᠭᠠᠵᠤ᠂ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠣᠨ ᠮᠠᠨ ᠤ ᠬᠤᠲᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠴᠢᠩᠭ᠎ᠠ ᠠᠩᠬᠠᠷᠴᠤ᠂ ᠬᠠᠷᠠᠯᠲᠠ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠤᠷᠳᠤᠴᠠ ᠪᠠᠨ ᠳᠡᠭᠡᠭᠰᠢᠯᠡᠭᠦᠯᠦᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠠᠳᠠᠯᠢᠳᠬᠠᠨ ᠰᠤᠷᠤᠯᠴᠠᠵᠤ ᠬᠥᠭᠡᠭᠡᠵᠦ ᠭᠦᠢᠴᠡᠬᠦ ᠳᠠᠪᠠᠵᠤ ᠭᠠᠷᠬᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠡᠯ᠎ᠡ ᠵᠦᠢᠯ ᠤᠨ ᠠᠵᠢᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号