︽ᠬᠠᠲᠤᠨ ᠭᠤᠣᠯ ᠬᠢᠭᠡᠳ ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢᠨ ᠲᠤᠬᠠᠢ ᠶᠠᠷᠢᠬᠤ ᠨᠢ︾ ᠲᠤᠰᠬᠠᠢ ᠰᠡᠳᠦᠪᠲᠦ ᠬᠠᠮᠲᠤ ᠪᠠᠷ ᠡᠳ᠋ᠯᠡᠬᠦ ᠬᠢᠴᠢᠶᠡᠯ ᠤᠨ ᠲᠠᠩᠬᠢᠮ ᠶᠠᠪᠤᠭᠳᠠᠪᠠ
ᠨᠡᠶᠢᠲᠡᠯᠡᠭᠰᠡᠨ ᠴᠠᠭ᠄
2024/4/23
     4 ᠰᠠᠷ᠎ᠠ ᠶᠢᠨ 22 ᠤᠨ ᠡᠳᠦᠷ᠂ ︽ᠬᠠᠳᠤᠨ ᠭᠤᠣᠯ ᠬᠢᠭᠡᠳ ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢᠨ ᠲᠤᠬᠠᠢ ᠶᠠᠷᠢᠬᠤ ᠨᠢ︾ ᠲᠤᠰᠬᠠᠢ ᠰᠡᠳᠦᠪᠲᠦ ᠬᠠᠮᠲᠤ ᠪᠠᠷ ᠡᠳ᠋ᠯᠡᠬᠦ ᠬᠢᠴᠢᠶᠡᠯ ᠤᠨ ᠲᠠᠩᠬᠢᠮ ᠶᠠᠪᠤᠭᠳᠠᠵᠤ᠂ ᠪᠡᠭᠡᠵᠢᠩ ᠶᠡᠭᠡ ᠰᠤᠷᠭᠠᠭᠤᠯᠢ ᠶᠢᠨ ᠲᠡᠦᠬᠡ ᠶᠢᠨ ᠰᠠᠯᠪᠤᠷᠢ ᠶᠢᠨ ᠫᠷᠤᠹᠧᠰᠰᠤᠷ ᠰᠢᠨ ᠳ᠋ᠧ ᠶᠦᠩ ᠢ ᠤᠷᠢᠵᠤ ᠲᠠᠶᠢᠯᠤᠮᠵᠢ ᠬᠢᠯᠭᠡᠪᠡ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠧᠩ ᠫᠧᠢ ᠶᠦᠨ ᠬᠤᠷᠠᠯ ᠡᠷᠬᠢᠯᠡᠪᠡ᠃      ᠬᠠᠮᠲᠤ ᠪᠠᠷ ᠡᠳ᠋ᠯᠡᠬᠦ ᠬᠢᠴᠢᠶᠡᠯ ᠤᠨ ᠲᠠᠩᠬᠢᠮ ᠳᠤ᠂ ᠰᠢᠨ ᠳ᠋ᠧ ᠶᠦᠩ ᠫᠷᠤᠹᠧᠰᠰᠤᠷ ︽ᠪᠢᠳᠡ ᠶᠠᠭᠤᠨ ᠤ ᠤᠴᠢᠷ ᠠᠴᠠ ᠬᠠᠲᠤᠨ ᠭᠤᠣᠯ ᠤᠨ ᠬᠤᠪᠢᠷᠠᠯᠲᠠ ᠶᠢᠨ ᠲᠡᠦᠬᠡ ᠶᠢ ᠣᠶᠢᠯᠠᠭᠠᠬᠤ ᠪᠤᠶ︾ ᠬᠡᠰᠡᠨ ᠰᠡᠳᠦᠪ ᠢᠶᠠᠷ ᠬᠠᠲᠤᠨ ᠭᠤᠣᠯ ᠤᠨ ᠬᠤᠪᠢᠷᠠᠯᠲᠠ ᠶᠢᠨ ᠲᠡᠦᠬᠡ ᠶᠢ ᠨᠠᠷᠢᠨ ᠨᠢᠮᠪᠠᠢ ᠡᠮᠬᠢᠯᠡᠵᠦ᠂ ︽ᠡᠵᠢ ᠭᠤᠣᠯ︾ ᠪᠤᠯᠬᠤ ᠬᠠᠲᠤᠨ ᠭᠤᠣᠯ ᠬᠢᠭᠡᠳ ᠳᠤᠮᠳᠠᠳᠤ ᠶᠢᠨ ᠪᠣᠯᠪᠠᠰᠤᠨ ᠪᠣᠯᠣᠨ ᠳᠤᠮᠳᠠᠳᠤ ᠶᠢᠨ ᠬᠥᠮᠥᠨ ᠤ ᠬᠤᠭᠤᠷᠣᠨᠳᠣᠬᠢ ᠬᠠᠷᠢᠴᠠᠭ᠎ᠠ ᠬᠤᠯᠪᠣᠭ᠎ᠠ ᠶᠢ ᠭᠦᠨᠵᠡᠭᠡᠢ ᠲᠠᠶᠢᠯᠪᠤᠷᠢᠯᠠᠵᠤ᠂ ᠮᠠᠨ ᠤ ᠬᠤᠲᠠ ᠶᠢᠨ ᠤᠮᠠᠷᠠᠲᠤ ᠬᠢᠯᠢ ᠶᠢᠨ ᠰᠣᠶᠣᠯ ᠢ ᠬᠥᠭᠵᠢᠭᠦᠯᠦᠨ ᠮᠠᠨᠳᠤᠭᠤᠯᠬᠤ᠂ ᠬᠠᠲᠤᠨ ᠭᠤᠣᠯ ᠤᠨ ᠰᠣᠶᠣᠯ ᠢ ᠰᠤᠳᠤᠯᠤᠨ ᠲᠠᠶᠢᠯᠪᠤᠷᠢᠯᠠᠬᠤ᠂ ᠬᠠᠲᠤᠨ ᠭᠤᠣᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠶᠢ ᠠᠬᠢᠭᠤᠯᠬᠤ ᠳᠤ ᠦᠨᠳᠦᠰᠦᠨ ᠠᠷᠭ᠎ᠠ ᠶᠢ ᠬᠠᠩᠭᠠᠵᠤ᠂ ᠮᠠᠨ ᠤ ᠬᠤᠲᠠ  ᠳᠤ ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠭᠤᠣᠯ ᠴᠢᠮᠦᠭᠡ ᠴᠢᠬᠤᠯᠠ ᠠᠭᠤᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ ᠣᠨᠣᠪᠴᠢᠲᠠᠢ ᠡᠵᠡᠮᠰᠢᠵᠦ᠂ ᠰᠢᠨ᠎ᠡ ᠰᠣᠶᠣᠯ ᠤᠨ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠵᠦ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠴᠢᠨᠠᠷ ᠰᠠᠶᠢᠲᠠᠢ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠬᠦᠴᠦᠯᠡᠨ ᠡᠭᠦᠳᠬᠦ ᠳᠤ ᠴᠢᠭᠯᠡᠯ ᠢ ᠲᠣᠳᠣᠷᠬᠠᠢ ᠵᠢᠭᠠᠨ ᠥᠭᠴᠦ᠂ ᠠᠷᠭ᠎ᠠ ᠵᠠᠮ ᠢ ᠲᠣᠳᠣᠷᠬᠠᠢ ᠪᠤᠯᠭᠠᠵᠤ ᠦᠭᠭᠦᠭᠰᠡᠨ ᠪᠠᠶᠢᠨ᠎ᠠ᠃ ᠲᠠᠶᠢᠯᠤᠮᠵᠢ ᠶᠢᠨ ᠠᠭᠤᠯᠤᠭᠳᠠᠬᠤᠨ ᠡᠯᠪᠡᠭ ᠪᠠᠶᠠᠯᠢᠭ᠂ ᠦᠭᠡ ᠬᠡᠯᠡ ᠠᠮᠢᠳᠤᠯᠢᠭ᠂ ᠬᠡᠷᠡᠭ ᠤᠨ ᠵᠢᠱᠢᠶ᠎ᠡ ᠦᠨᠡᠨ ᠪᠤᠳᠠᠳᠠᠢ ᠪᠠᠶᠢᠵᠤ᠂ ᠭᠦᠨ ᠭᠦᠨᠵᠡᠭᠡᠢ ᠶᠣᠰᠣ ᠵᠦᠢ ᠶᠢᠨ ᠲᠤᠯᠭᠠᠭᠤᠷᠢᠯᠠᠯ ᠪᠠ ᠤᠨᠤᠯ ᠤᠨ ᠠᠭᠤᠯᠤᠭᠳᠠᠬᠤᠨ ᠲᠠᠢ ᠮᠥᠷᠲᠡᠭᠡᠨ ᠪᠠᠰᠠ ᠡᠯᠪᠡᠭ ᠪᠠᠶᠠᠯᠢᠭ ᠲᠤᠷᠰᠢᠯᠭ᠎ᠠ ᠶᠢᠨ ᠳ᠋ᠦᠩᠨᠡᠯᠲᠡ ᠪᠠ ᠦᠢᠯᠡᠳᠦᠯᠭᠡ ᠶᠢᠨ ᠰᠦᠪᠡᠭᠴᠢᠯᠡᠯᠲᠡ ᠲᠠᠢ ᠪᠤᠯᠵᠠᠢ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠨ ᠳ᠋ᠧ ᠶᠦᠩ ᠫᠷᠤᠹᠧᠰᠰᠤᠷ ᠲᠡᠭᠦᠨ ᠤ ᠵᠣᠬᠢᠶᠠᠭᠰᠠᠨ ︽ᠬᠠᠳᠤᠨ ᠭᠤᠣᠯ ᠤᠨ ᠲᠣᠪᠴᠢ ᠲᠡᠦᠬᠡ︾ ᠳᠤ ᠭᠠᠷ ᠤᠨ ᠦᠰᠦᠭ ᠵᠢᠷᠤᠪᠠ᠃      4 ᠰᠠᠷ᠎ᠠ ᠶᠢᠨ 21 ᠤ ᠡᠳᠦᠷ᠂ ᠮᠠᠨ ᠤ ᠬᠤᠲᠠ ︽ᠠᠮᠢᠳᠤᠷᠠᠯ· ᠨᠣᠮ ᠣᠩᠰᠢᠯᠭ᠎ᠠ· ᠰᠢᠨ᠎ᠡ ᠶᠢ ᠮᠡᠳᠡᠬᠦᠢ︾ ᠭᠤᠷᠪᠠ ᠶᠢ ᠬᠤᠯᠪᠤᠭᠠᠯᠠᠭᠰᠠᠨ ᠨᠣᠮ ᠤᠨ ᠳᠡᠯᠭᠡᠭᠦᠷ ᠲᠠᠢ ᠭᠡᠷ᠎ᠡ ᠲᠣᠭᠲᠠᠪᠠ᠃ ᠲᠣᠰ ᠤᠳᠠᠭᠠᠨ ᠤ ᠬᠠᠮᠲᠤ ᠪᠠᠷ ᠡᠳ᠋ᠯᠡᠬᠦ ᠬᠢᠴᠢᠶᠡᠯ ᠤᠨ ᠲᠠᠩᠬᠢᠮ ᠢ ᠡᠷᠭᠢᠯᠡᠭᠰᠡᠨ ᠨᠢ ︽ᠤᠮᠠᠷᠠᠲᠤ ᠶᠢᠨ ᠰᠣᠶᠣᠯ︾ ᠢ ᠪᠠᠳᠠᠷᠠᠭᠤᠯᠵᠤ᠂ ︽ᠭᠤᠷᠪᠠ ᠶᠢ ᠬᠤᠯᠪᠤᠭᠠᠯᠠᠭᠰᠠᠨ ᠳᠠᠭᠠᠭᠤᠯᠤᠨ ᠤᠩᠰᠢᠬᠤ ᠲᠥᠯᠥᠪᠯᠡᠭᠡ ᠶᠢᠨ ᠦᠬᠠᠢ ᠳᠠᠬᠢ ᠣᠩᠰᠢᠯᠭ᠎ᠠ︾ ᠶᠢᠨ ᠭᠤᠣᠯ ᠰᠡᠳᠦᠪᠲᠦ ᠰᠢᠷᠢᠰ ᠠᠵᠢᠯᠯᠠᠭ᠎ᠠ ᠶᠢ ᠡᠷᠭᠢᠯᠡᠵᠦ᠂ ︽ᠪᠥᠬᠦ ᠠᠷᠠᠳ ᠤᠨ ᠨᠣᠮ ᠣᠩᠰᠢᠯᠭ᠎ᠠ· ᠨᠣᠮ ᠤᠨ ᠦᠨᠦᠷ ᠬᠠᠩᠬᠤᠯᠤᠭᠰᠠᠨ ᠦᠬᠠᠢ︾ ᠶᠢᠨ ᠰᠣᠶᠣᠯ ᠤᠨ ᠨᠠᠷᠠᠲᠤ ᠲᠡᠮᠳᠡᠭ ᠢ ᠪᠥᠬᠦ ᠲᠠᠯ᠎ᠠ ᠪᠠᠷ ᠴᠤᠤᠷᠢᠶᠠᠲᠤᠭᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号