ᠦᠬᠠᠢ ᠬᠤᠲᠠ ᠶᠢᠨ ᠬᠠᠮ ᠵᠠᠭᠤᠴᠢᠯᠠᠭᠤᠷ ᠤᠨ ᠲᠥᠪ ᠬᠢᠭᠡᠳ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠣᠨᠢᠨ ᠮᠡᠳᠡᠭᠡᠨ ᠤ ᠳᠠᠮᠵᠢᠭᠤᠯᠭ᠎ᠠ ᠶᠢᠨ ᠳᠡᠭᠡᠳᠦ ᠰᠤᠷᠭᠠᠭᠤᠯᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/4/24
     4 ᠰᠠᠷ᠎ᠠ ᠶᠢᠨ 23  ᠤ ᠡᠳᠦᠷ᠂ ᠦᠬᠠᠢ ᠬᠤᠳᠠ ᠶᠢᠨ ᠬᠠᠮ ᠵᠠᠭᠤᠴᠢᠯᠠᠭᠤᠷ ᠤᠨ ᠲᠥᠪ ᠬᠢᠭᠡᠳ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠣᠨᠢᠨ ᠮᠡᠳᠡᠭᠡᠨ ᠤ ᠳᠠᠮᠵᠢᠭᠤᠯᠭ᠎ᠠ ᠶᠢᠨ ᠳᠡᠭᠡᠳᠦ ᠰᠤᠷᠭᠠᠭᠤᠯᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠳᠠᠪᠠ᠃      ᠶᠣᠰᠣᠯᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠬᠡᠯᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠭᠰᠠᠨ ᠪᠥᠭᠡᠳ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠤᠨ ᠫᠠᠶᠢᠰᠠ ᠶᠢ ᠰᠡᠬᠦᠪᠡ᠃      ᠬᠠᠮᠲᠤᠷᠠᠯᠴᠠᠭᠠᠨ ᠤ ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠰᠤᠷᠤᠭᠴᠢᠳ ᠤᠨ ᠳᠠᠳᠤᠯᠭ᠎ᠠ ᠬᠢᠬᠦ᠂ ᠠᠵᠢᠯ ᠣᠯᠵᠤ ᠦᠢᠯᠡᠰ ᠪᠣᠰᠬᠠᠬᠤ᠂ ᠲᠤᠰᠬᠠᠢ ᠮᠡᠷᠭᠡᠵᠢᠯ ᠤᠨ ᠪᠠᠶᠢᠭᠤᠯᠤᠯᠲᠠ᠂ ᠰᠣᠨᠢᠨ ᠮᠡᠳᠡᠭᠡᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠰᠢᠨ᠎ᠡ ᠵᠠᠭᠤᠴᠢᠯᠠᠭᠤᠷ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠪᠦᠲᠦᠭᠡᠯᠴᠢ ᠬᠠᠮ ᠵᠠᠭᠤᠴᠢᠯᠠᠭᠤᠷ ᠤᠨ ᠪᠦᠲᠦᠭᠡᠯ ᠢ ᠴᠤᠭᠯᠠᠭᠤᠯᠤᠨ ᠦᠢᠯᠡᠳᠬᠦ ᠵᠡᠷᠭᠡ ᠬᠦᠷᠢᠶᠡᠨ ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠵᠦ᠂ ᠨᠠᠮ ᠤᠨ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号